ᠣᠷᠠᠳ ᠤᠨ ᠡᠮᠦᠨᠡᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ AI ᠰᠣᠶᠣᠯ ᠠᠭᠤᠰᠤᠯᠴᠠᠯ ᠤᠨ ᠰᠢᠨ᠎ᠡ ᠦᠢᠯᠡᠳᠦᠯᠭᠡ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2025/3/26
     3 ᠰᠠᠷ᠎ᠠ ᠶᠢᠨ 25 ᠤ ᠡᠳᠦᠷ᠂  ᠣᠷᠠᠳ ᠤᠨ ᠡᠮᠦᠨᠡᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠶᠤᠨᠴᠢ ᠤᠮᠠᠷᠠᠲᠤ ᠬᠢᠯᠢ ᠶᠢ ᠵᠢᠷᠤᠭᠯᠠᠬᠤ · ᠲᠤᠭ᠎ᠠ ᠬᠡᠮᠵᠢᠶ᠎ᠡ ᠪᠠᠷ ᠢᠷᠡᠭᠡᠳᠦᠶ ᠶᠢ ᠡᠭᠦᠳᠬᠦ - AI ᠰᠣᠶᠣᠯ ᠠᠭᠤᠰᠤᠯᠴᠠᠯ ᠤᠨ ᠰᠢᠨ᠎ᠡ ᠦᠢᠯᠡᠳᠦᠯᠭᠡ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ  ᠠᠵᠢᠯ ᠲᠥᠷᠥᠯ ᠤᠨ ᠲᠥᠯᠥᠭᠡᠯᠡᠭᠴᠢ ᠨᠡᠶᠢᠲᠡ 300 ᠭᠠᠷᠤᠶ ᠬᠥᠮᠦᠨ ᠪᠣᠯᠪᠠᠰᠤᠷᠠᠯ ᠳᠤ  ᠣᠷᠣᠯᠴᠠᠪᠠ᠃

微信图片_20250326100732.jpg

   

     ᠲᠣᠰ ᠤᠳᠠᠭᠠᠨ ᠤ ᠪᠣᠯᠪᠠᠰᠤᠷᠠᠯ ᠨᠢ ᠳᠤᠮᠳᠠ ᠵᠡᠷᠭᠡ ᠶᠢᠨ ᠵᠥᠭᠡᠯᠡᠨ ᠲᠣᠨᠤᠭ ᠢ ᠨᠡᠭᠡᠭᠡᠨ ᠬᠦᠭᠵᠢᠬᠦᠯᠬᠦ ᠢᠨᠵᠧᠨᠧᠷ᠂ ᠳᠤᠮᠳᠠ ᠵᠡᠷᠭᠡ ᠶᠢᠨ ᠰᠢᠨ᠎ᠡ

ᠵᠠᠭᠤᠴᠢᠯᠠᠭᠤᠷ ᠤᠨ ᠬᠠᠮᠢᠶᠠᠷᠤᠭᠴᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠭᠠᠳᠠᠨ᠎ᠠ ᠠᠴᠠ ᠣᠷᠢᠭᠰᠠᠨ

ᠰᠢᠨ᠎ᠡ ᠵᠠᠭᠤᠴᠢᠯᠠᠭᠤᠷ ᠤᠨ ᠯᠧᠺᠲ᠋ᠣᠷ᠂ AI ᠠᠯᠪᠠᠯᠠᠬᠤ ᠬᠡᠷᠡᠭᠯᠡᠭᠡᠨ ᠤ ᠲᠤᠰᠬᠠᠶ ᠮᠡᠷᠭᠡᠵᠢᠯᠲᠡᠨ ᠯᠢᠦ ᠰᠧ ᠶᠤᠸᠠᠨ ᠢ ᠤᠷᠢᠵᠤ ᠬᠢᠴᠢᠶᠡᠯ ᠣᠷᠣᠭᠤᠯᠪᠠ᠃

ᠪᠣᠯᠪᠠᠰᠣᠷᠠᠯ ᠤᠨ ᠠᠭᠤᠯᠭ᠎ᠠ ᠨᠢ AI ᠣᠶᠣᠨᠴᠢ + ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ᠂ AI

ᠲᠤᠰᠠᠯᠠᠮᠵᠢ ᠪᠠᠷ ᠠᠯᠪᠠᠨ ᠪᠢᠴᠢᠭ ᠪᠢᠴᠢᠬᠦ ᠲᠤᠯᠤᠭᠠᠨ ᠠᠯᠬᠤᠮ ᠤᠨ ᠠᠷᠭ᠎ᠠ᠂ AI ᠲᠤᠰᠠᠯᠠᠮᠵᠢ ᠪᠠᠷ ᠲᠥᠯᠥᠪᠯᠡᠭᠡ ᠶᠢᠨ ᠲᠥᠰᠦᠯ᠂ ᠳ᠋ᠦᠩᠨᠡᠯᠲᠡ᠂

PPT᠂ ᠵᠢᠷᠤᠭ᠂ ᠸᠢᠳᠢᠣ᠋ ᠬᠢᠬᠦ ᠵᠡᠷᠭᠡ ᠣᠯᠠᠨ ᠬᠡᠷᠡᠭᠯᠡᠭᠡᠨ ᠤ ᠤᠷ᠎ᠠ ᠴᠢᠳᠠᠪᠤᠷᠢ ᠶᠢ ᠬᠠᠮᠣᠷᠠᠨ᠂ ᠬᠡᠷᠡᠭ ᠤᠨ ᠵᠢᠱᠢᠶ᠎ᠡ ᠶᠢ ᠵᠠᠳᠠᠯᠬᠤ᠂ ᠠᠰᠠᠭᠤᠯᠲᠠ

ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ AI ᠪᠠᠭᠠᠵᠢ ᠬᠡᠷᠡᠭᠰᠡᠯ ᠢ ᠬᠡᠷᠡᠭᠯᠡᠬᠦ ᠤᠷ᠎ᠠ ᠮᠡᠷᠭᠡᠵᠢᠯ᠂ AI ᠪᠠᠭᠠᠵᠢ

ᠬᠡᠷᠡᠭᠰᠡᠯ ᠢ ᠬᠡᠷᠬᠢᠨ ᠠᠰᠢᠭᠯᠠᠨ ᠠᠯᠪᠠᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠬᠡᠷᠡᠭᠯᠡᠭᠡᠨ ᠤ ᠠᠭᠤᠯᠭ᠎ᠠ ᠶᠢ ᠭᠦᠨᠵᠡᠭᠡᠶ ᠪᠥᠭᠡᠳ

ᠣᠶᠢᠯᠠᠭᠠᠮᠵᠢᠲᠠᠶ ᠲᠠᠶᠢᠯᠪᠣᠷᠢᠯᠠᠵᠦ ᠵᠢᠭᠠᠪᠠ᠃

     ᠪᠣᠯᠪᠠᠰᠤᠷᠠᠯ ᠢᠶᠠᠷ ᠳᠡᠮᠵᠢᠨ᠂ ᠨᠢᠭᠡ ᠲᠠᠯ᠎ᠠ ᠪᠠᠷ ᠠᠯᠪᠠᠨ ᠲᠤᠰᠢᠶᠠᠯᠲᠠᠨ ᠤ ᠤᠯᠠᠮᠵᠢᠯᠠᠯᠲᠤ ᠠᠯᠪᠠᠯᠠᠬᠤ ᠰᠡᠳᠬᠢᠬᠦᠶ ᠶᠢ  ᠬᠤᠪᠢᠷᠠᠭᠤᠯᠬᠤ ᠳᠤ ᠬᠦᠴᠦᠨ

ᠨᠡᠮᠡᠷᠢᠯᠡᠵᠦ᠂ AI ᠶᠢ ᠠᠰᠢᠭᠯᠠᠨ ᠥᠰᠥᠭ ᠪᠢᠴᠢᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠤ ᠬᠦᠴᠦ ᠪᠣᠳᠠᠰ ᠤᠨ ᠬᠦᠴᠦᠨ ᠢ ᠨᠠᠩ

ᠪᠦᠲᠦᠭᠡᠯᠴᠢ ᠴᠢᠨᠠᠷᠲᠠᠶ ᠠᠵᠢᠯ ᠳᠤ  ᠣᠷᠣᠭᠤᠯᠣᠨ︔ ᠨᠥᠭᠦᠭᠡ ᠲᠠᠯ᠎ᠠ ᠪᠠᠷ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ  ᠬᠤᠯᠪᠣᠭᠳᠠᠯ ᠪᠥᠬᠦᠶ ᠠᠵᠢᠯ

ᠲᠥᠷᠥᠯ ᠤᠨ ᠠᠵᠢᠯᠲᠠᠳ ᠲᠤ AI ᠶᠢᠨ ᠤᠬᠠᠭᠤᠯᠭ᠎ᠠ᠂ ᠪᠦᠲᠦᠭᠡᠯᠴᠢ ᠲᠥᠰᠦᠪᠯᠡᠯ ᠢ ᠡᠵᠡᠮᠰᠢᠭᠦᠯᠵᠦ᠂ ᠰᠡᠳᠬᠢᠬᠦᠶ ᠶᠢᠨ ᠬᠠᠷᠠᠭ᠎ᠠ ᠶᠢ ᠨᠢ ᠦᠷᠭᠡᠳᠭᠦ ᠶᠢᠨ

ᠵᠣᠷᠢᠯᠭ᠎ᠠ ᠲᠠᠢ ᠶᠣᠮ᠃ ᠲᠣᠰ ᠲᠣᠪᠴᠢᠶ᠎ᠠ ᠪᠠᠰᠠ AI ᠮᠡᠷᠭᠡᠵᠢᠯ ᠢ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠡᠯ᠎ᠡ ᠬᠦᠷᠢᠶᠡᠨ ᠳᠤ ᠬᠡᠷᠡᠭᠯᠡᠵᠦ᠂

ᠤᠷᠠᠳ ᠤᠨ ᠡᠮᠦᠨᠡᠲᠦ ᠬᠤᠰᠢᠭᠤᠨ ᠤ ᠡᠯᠪᠡᠭ ᠪᠠᠶᠠᠯᠢᠭ ᠲᠠᠷᠢᠶᠠᠯᠠᠩ ᠰᠣᠶᠣᠯ ᠵᠢᠭᠤᠯᠴᠢᠯᠠᠯ ᠤᠨ ᠵᠢᠭᠤᠯᠴᠢᠯᠠᠯ ᠤᠨ ᠡᠬᠢ ᠪᠠᠶᠠᠯᠢᠭ᠂ ᠥᠨᠢ ᠤᠳᠠᠭᠠᠨ

ᠲᠡᠤᠬᠡ ᠰᠣᠶᠣᠯ᠂ ᠥᠪᠡᠷᠮᠢᠴᠡ ᠵᠠᠩ ᠦᠢᠯᠡ ᠶᠢ ᠭᠦᠨᠵᠡᠭᠡᠶ ᠠᠭᠤᠳᠠᠯᠵᠤ᠂  ᠲᠣᠰ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠬᠥᠭᠵᠢᠯᠲᠡ ᠶᠢᠨ

ᠰᠤᠳᠤᠯᠭᠠᠨ ᠤ ᠲᠥᠪ ᠤᠨ ᠲᠠᠪᠴᠠᠩ ᠳᠤ ᠲᠦᠰᠢᠭᠯᠡᠨ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠬᠠᠮᠵᠢᠯᠴᠠᠭᠰᠠᠨ ᠬᠥᠭᠵᠢᠯᠲᠡ ᠶᠢ

ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠴᠢᠨᠠᠷ ᠪᠥᠬᠦᠶ  ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ

ᠲᠥᠷᠥᠯ ᠵᠦᠢᠯ ᠤᠨ ᠨᠠᠷᠠᠲᠤ ᠲᠡᠮᠳᠡᠭᠴᠢᠯᠡᠯᠲᠡ᠂  ᠦᠢᠯᠡᠴᠢᠯᠡᠭᠡ ᠶᠢᠨ ᠤᠶᠤᠨᠴᠢᠯᠠᠯᠲᠠ᠂ ᠳᠠᠮᠵᠢᠭᠤᠯᠭ᠎ᠠ ᠶᠢᠨ ᠠᠮᠢᠳᠤᠯᠢᠭ ᠪᠣᠯᠬᠤ ᠶᠢ  ᠠᠬᠢᠭᠤᠯᠬᠤ ᠪᠠᠷ

ᠪᠣᠢ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ