ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ ᠤᠨ | ᠲᠤᠬᠠᠶ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠦᠨᠳᠦᠰᠦᠲᠡᠨ ᠤ ᠵᠣᠷᠢᠭ | ᠰᠠᠨᠠᠭ᠎ᠠ ᠶᠢ ᠪᠤᠶᠢᠵᠢᠭᠤᠯᠬᠤ ᠶᠢᠨ ᠲᠥᠯᠥᠭᠡ ᠂ 3 ᠰᠠᠷ᠎ᠠ ᠶᠢᠨ 24 ᠤ ᠡᠳᠦᠷ᠂ ᠣᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠲᠣᠰ ᠬᠤᠰᠢᠭᠤᠨ ᠤ ᠮᠣᠨᠠ ᠠᠭᠤᠯᠠ ᠪᠠᠯᠭᠠᠰᠣᠨ ᠤ ᠷᠦᠢ ᠲᠠᠢ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠪᠡ᠃ | ᠣᠯᠠᠨ ᠢᠶᠠᠷ ᠢᠶᠠᠨ ᠭᠤᠣᠯ ᠰᠡᠳᠣᠪᠲᠣ ᠦᠵᠡᠬᠦᠯᠬᠡ ᠶᠢᠨ ᠲᠢᠩᠬᠢᠮ ᠢ ᠲᠣᠭᠤᠷᠢᠨ ᠦᠵᠡᠬᠦ ᠶᠢᠨ ᠳᠠᠭᠠᠣ ᠲᠠᠶᠢᠯᠪᠣᠷᠢᠯᠠᠭᠴᠢ ᠶᠢᠨ ᠡᠯ᠎ᠡ ᠲᠢᠩᠬᠢᠮ ᠤᠨ | ᠭᠤᠣᠯ ᠰᠡᠳᠦᠪ ᠪᠣᠯᠤᠨ ᠠᠭᠤᠯᠭ᠎ᠠ ᠶᠢᠨ ᠨᠠᠷᠢᠨ ᠲᠠᠨᠢᠯᠴᠠᠭᠤᠯᠭ᠎ᠠ ᠠᠴᠠ ᠠᠳᠠᠯᠢ ᠪᠤᠰᠤ ᠦᠨᠳᠦᠰᠦᠲᠡᠨ ᠤ ᠰᠣᠶᠣᠯ ᠪᠠ ᠠᠭᠤᠰᠤᠯᠴᠠᠨ ᠬᠥᠭᠵᠢᠭᠰᠡᠨ | ᠥᠩᠭᠡᠷᠡᠯᠲᠡ᠂ ᠬᠤᠪᠣᠷ ᠨᠠᠨᠳᠢᠨ ᠲᠡᠦᠬᠡ ᠶᠢᠨ ᠮᠠᠲ᠋ᠧᠷᠢᠶᠠᠯ ᠪᠣᠯᠤᠨ ᠨᠠᠮ ᠤᠨ ᠠᠳᠠᠯᠢ ᠪᠤᠰᠤ ᠲᠡᠦᠬᠡᠨ ᠴᠠᠭ ᠦᠶ᠎ᠡ ᠳᠠᠬᠢ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠣᠯᠤᠨ ᠠᠭᠤᠤ ᠶᠡᠭᠡ ᠠᠮᠵᠢᠯᠲᠠ᠂ ᠲᠡᠷᠢᠭᠦᠨ ᠤ ᠵᠢᠱᠢᠶᠡᠴᠢ ᠶᠢᠨ ᠦᠢᠯᠡ ᠠᠵᠢᠯᠯᠠᠭ᠎ᠠ ᠵᠡᠷᠭᠡ ᠶᠢ ᠣᠶᠢᠯᠠᠭᠠᠪᠠ᠃ ᠲᠤᠰ ᠣᠳᠠᠭᠠᠨ ᠤ | ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠲᠡᠦᠬᠡ ᠪᠣᠯᠤᠨ ᠰᠣᠶᠣᠯ ᠳᠤ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ | ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠤᠨ ᠨᠢᠭᠡᠳᠦᠯ ᠤᠨ ᠰᠠᠭᠤᠷᠢ᠂ ᠦᠨᠳᠦᠰᠦᠲᠡᠨ ᠤ ᠡᠶ᠎ᠡ | ᠨᠠᠶᠢᠷᠠᠮᠳᠠᠭᠤ ᠶᠢᠨ ᠰᠦᠭ ᠰᠦᠨᠡᠰᠦ᠂ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠪᠣᠯᠬᠤ ᠶᠢ ᠭᠦᠨᠵᠡᠭᠡᠢ ᠲᠠᠨᠢᠵᠤ᠂ ᠪᠠᠰᠠ ᠤᠯᠤᠰ ᠣᠷᠣᠨ ᠤ | ᠬᠥᠭᠵᠢᠯ ᠴᠡᠴᠡᠭᠯᠡᠯ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠦᠨᠳᠦᠰᠦᠲᠡᠨ ᠤ ᠡᠶ᠎ᠡ ᠵᠣᠬᠢᠴᠠᠯ ᠲᠠᠢ ᠬᠥᠭᠵᠢᠬᠦ ᠳᠤ ᠴᠢᠬᠤᠯᠠ ᠠᠴᠢ | ᠬᠤᠯᠪᠣᠭᠳᠠᠯ ᠲᠠᠢ ᠨᠠᠩ ᠴᠤ ᠳᠤᠮᠳᠠᠳᠤ ᠶᠢᠨ ᠬᠥᠮᠦᠨ ᠨᠢᠭᠡᠪᠦᠷᠢ ᠶᠢᠨ ᠣᠶᠤᠨ ᠰᠠᠨᠠᠭᠠᠨ ᠤ ᠬᠤᠯᠪᠣᠭᠠᠰᠤ ᠮᠥᠨ ᠬᠡᠳᠡᠭ ᠢ ᠣᠯᠠᠮ ᠨᠢᠭᠡ ᠠᠯᠬᠤᠮ | ᠮᠡᠳᠡᠷᠡᠪᠡ᠃ | ᠲᠠᠷᠠᠭᠠᠴᠢ ᠶᠢᠨ ᠠᠯᠬᠤᠮ ᠳᠤ᠂ ᠲᠣᠰ ᠵᠥᠪᠯᠡᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠣᠳᠬᠠᠬᠤ ᠶᠢ ᠡᠳᠦᠷ ᠲᠤᠲᠤᠮ ᠤᠨ ᠠᠵᠢᠯ ᠪᠠ ᠠᠮᠢᠳᠤᠷᠠᠯ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠠᠬᠢᠭᠤᠯᠤᠭᠴᠢ | ᠪᠣᠯᠬᠤ ᠪᠠᠷ ᠪᠠᠶᠢᠨ᠎ᠠ ᠃ |