3 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠪᠣᠯᠤᠨ ᠭᠤᠸᠠᠩᠵᠧᠦ ᠶᠢᠨ ᠹᠦ᠋ ᠳ᠋ᠠ ᠪᠦᠯᠦᠭᠯᠡᠯ ᠤᠨ | ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ᠂ ᠭᠤᠸᠠᠩᠳᠦ᠋ᠩ ᠮᠤᠵᠢ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ | ᠲᠡᠷᠢᠭᠦᠯᠡᠭᠴᠢ ᠸᠠᠩ ᠹᠦ᠋ ᠯᠢᠶᠠᠩ ᠨᠠᠷ ᠲᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ | | | | | | | ᠬᠤᠷᠠᠯ ᠳᠤ ᠣᠷᠣᠯᠴᠠᠭᠰᠠᠳ ᠤᠷᠠᠳ ᠤᠨ ᠡᠮᠦᠨᠡᠲᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠤᠬᠠᠭᠤᠯᠭ᠎ᠠ ᠶᠢᠨ ᠹᠢᠯᠢᠮ ᠪᠠ | ᠠᠵᠤ ᠠᠬᠤᠶᠢᠯᠠᠯ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠬᠤᠰᠢᠭᠤᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠠᠴᠠ ᠲᠣᠰ ᠲᠣᠰ ᠣᠷᠣᠨ ᠨᠤᠲᠤᠭ ᠤᠨ ᠠᠵᠤ ᠠᠬᠤᠶᠢᠯᠠᠯ ᠤᠨ ᠬᠤᠶᠠᠷ ᠲᠠᠯ᠎ᠠ ᠶᠢᠨ ᠦᠨᠳᠦᠰᠦᠨ ᠪᠠᠶᠢᠳᠠᠯ ᠪᠠ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠴᠢᠭᠯᠡᠯ ᠢᠶᠠᠨ ᠲᠠᠨᠢᠯᠴᠠᠭᠤᠯᠤᠭᠰᠠᠨ ᠪᠥᠭᠡᠳ ᠬᠠᠲᠠᠭᠤ ᠪᠡᠶᠡᠲᠦ ᠬᠠᠶᠠᠭᠳᠠᠮᠠᠯ ᠳᠠᠪᠤᠰᠤ ᠪᠠᠷ ᠪᠠᠭ᠎ᠠ ᠰᠤᠳᠠ ᠬᠢᠬᠦ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠵᠡᠷᠭᠡ ᠬᠦᠷᠢᠶᠡᠨ ᠳᠠᠬᠢ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ | ᠠᠰᠢᠭ ᠭᠥᠷᠳᠡᠬᠦ ᠬᠠᠮᠲᠤᠷᠠᠯᠴᠠᠭᠠᠨ ᠤ ᠴᠡᠭ ᠢ ᠬᠠᠮᠲᠤᠪᠠᠷ ᠡᠷᠢᠯᠬᠢᠯᠡᠪᠡ᠃ | ᠰᠣᠶᠣᠯᠲᠤ ᠠᠴᠠ ᠸᠠᠩ ᠹᠦ᠋ ᠯᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠷᠠᠳ ᠤᠨ | ᠡᠮᠦᠨᠡᠲᠦ ᠬᠤᠰᠢᠭᠤᠨ ᠤ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠲᠣᠪᠤᠶᠢᠮ᠎ᠠ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠃ | ᠣᠳᠣᠬᠠᠨ ᠳᠤ᠂ ᠪᠦᠬᠦ ᠬᠤᠰᠢᠭᠤ ᠪᠠᠷ ᠢᠶᠠᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠢᠴᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠠᠳᠬᠤᠬᠤ᠂ ᠬᠥᠭᠵᠢᠯᠲᠡ ᠶᠢ ᠡᠷᠢᠯᠬᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ | ᠰᠢᠪᠲᠤᠯᠤᠯᠲᠠ ᠶᠢ ᠪᠡᠶᠡᠯᠡᠭᠦᠯᠬᠦ ᠡᠷᠴᠢ ᠵᠣᠷᠢᠭ ᠲᠡᠭᠦᠯᠳᠡᠷ ᠪᠠᠶᠢᠵᠤ᠂ ︽ᠲᠦᠷᠦᠯ ᠵᠦᠢᠯ ᠢ ᠠᠳᠬᠤᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ | ᠠᠵᠢᠯ ᠢᠶᠠᠨ ᠰᠡᠷᠭᠦᠭᠡᠬᠦ ᠶᠢ ᠠᠬᠢᠭᠤᠯᠬᠤ︾ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ | ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ | ᠪᠠᠶᠢᠭᠤᠯᠬᠤ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ | ᠤᠯᠠᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ | ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠬᠡᠪᠡ᠃ | ᠸᠠᠩ ᠹᠦ᠋ ᠯᠢᠶᠠᠩ ᠨᠠᠷ ᠠᠴᠠ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠵᠣᠯᠭᠠᠭᠤᠯᠬᠤ ᠲᠦᠷᠦᠯ ᠵᠦᠢᠯ ᠤᠨ ᠦᠨᠳᠦᠰᠦᠨ ᠪᠠᠶᠢᠳᠠᠯ ᠪᠣᠯᠤᠨ | ᠴᠢᠬᠤᠯᠠ ᠡᠯᠧᠮᠧᠨ᠋ᠲ ᠤᠨ ᠬᠡᠷᠡᠭᠴᠡᠭᠡ ᠶᠢ ᠲᠠᠨᠢᠯᠴᠠᠭᠤᠯᠪᠠ᠃ ᠲᠡᠷᠡ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠰ ᠤᠨ ᠰᠠᠭᠤᠷᠢ ᠨᠡᠯᠢᠶᠡᠳ | ᠰᠠᠶᠢᠨ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠰᠢᠯᠢᠳᠡᠭ᠂ ᠬᠥᠭᠵᠢᠯᠲᠡ ᠶᠢᠨ ᠢᠷᠡᠭᠡᠳᠦᠢ ᠰᠠᠶᠢᠨ ᠪᠠᠶᠢᠨ᠎ᠠ ᠬᠡᠪᠡ᠂ ᠢᠯᠠᠩᠭᠤᠶ᠎ᠠ ᠬᠢᠮᠢ ᠶᠢᠨ | ᠠᠵᠤ ᠦᠢᠯᠡᠳᠪᠦᠷᠢ᠂ ᠰᠢᠨ᠎ᠡ ᠡᠨᠧᠷᠭᠢ ᠵᠢᠴᠢ ᠸᠣᠯᠹᠷᠠᠮ᠂ ᠲᠡᠮᠦᠷ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ | ᠲᠠᠯ᠎ᠠ ᠪᠠᠷ ᠠᠵᠤ ᠠᠬᠤᠶᠢᠯᠠᠯ ᠲᠠᠢ ᠳᠠᠷᠠᠭᠠᠴᠢ ᠶᠢᠨ ᠠᠯᠬᠤᠮ ᠤᠨ ᠬᠥᠭᠵᠢᠯᠲᠡ ᠲᠠᠢ ᠮᠠᠰᠢ ᠤᠯᠠᠨ ᠵᠣᠬᠢᠴᠠᠯᠳᠤᠬᠤ ᠴᠡᠭ ᠲᠠᠢ ᠪᠠᠶᠢᠵᠤ᠂ ᠤᠷᠠᠳ ᠤᠨ | ᠡᠮᠦᠨᠡᠲᠦ ᠬᠤᠰᠢᠭᠤ ᠲᠠᠢ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠭᠠᠷ ᠬᠤᠯᠪᠣᠨ ᠭᠦᠨᠵᠡᠭᠡᠢ ᠬᠠᠮᠲᠤᠷᠠᠯᠴᠠᠵᠤ᠂ ᠨᠡᠩ ᠤᠯᠠᠨ ᠲᠦᠷᠦᠯ ᠵᠦᠢᠯ ᠢ | ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠤᠢᠢᠯᠠᠭᠠᠭᠰᠠᠠ ᠢᠶᠠᠷ᠂ ᠭᠤᠸᠠᠩᠵᠧᠦ ᠶᠢᠨ ᠹᠦ᠋ ᠳ᠋ᠠ ᠪᠦᠯᠦᠭᠯᠡᠯ ᠨᠢ ᠬᠢᠮᠢ ᠶᠢᠨ ᠠᠵᠤ ᠦᠢᠯᠡᠳᠪᠦᠷᠢ᠂ ᠢᠨᠲ᠋ᠧᠷ ᠰᠦᠯᠵᠢᠶ᠎ᠡ᠂ ᠮᠥᠩᠭᠦᠨ | ᠭᠦᠢᠯᠭᠡᠭᠡ ᠪᠠᠷ ᠭᠤᠣᠯ ᠠᠵᠤ ᠦᠢᠯᠡᠰ ᠪᠣᠯᠭᠠᠵᠤ᠂ ᠤᠯᠠᠨ ᠡᠰᠢᠴᠢᠯᠡᠭᠰᠡᠨ ᠡᠵᠡᠩᠨᠡᠯᠲᠡ᠂ ᠤᠯᠠᠨ ᠬᠦᠷᠢᠶᠡᠨ ᠤ ᠬᠥᠭᠵᠢᠯᠲᠡ ᠶᠢᠨ ᠶᠡᠷᠦᠩᠬᠡᠶᠢᠯᠡᠭᠰᠡᠨ | ᠴᠢᠨᠠᠷᠲᠠᠢ ᠲᠤᠮᠤ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ ᠪᠦᠬᠦ ᠤᠯᠤᠰ ᠢ ᠬᠠᠮᠤᠷᠤᠭᠰᠠᠨ | ᠪᠥᠭᠡᠳ ᠠᠮᠧᠷᠢᠺᠠ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ ᠵᠡᠷᠭᠡ ᠬᠡᠳᠦᠨ ᠠᠷᠪᠠᠨ ᠤᠯᠤᠰ ᠤᠨ ᠭᠠᠵᠠᠷ ᠣᠷᠣᠨ ᠬᠦᠷᠲᠡᠯ᠎ᠡ ᠨᠦᠯᠦᠭᠡᠯᠡᠵᠦ | ᠪᠠᠶᠢᠨ᠎ᠠ᠃ | |