ᠰᠤᠷᠪᠤᠯᠵᠢᠯᠠᠭᠴᠢ 24 ᠤ ᠡᠳᠦᠷ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠡᠳ᠋ ᠤᠨ ᠵᠠᠰᠠᠭ ᠤᠨ ᠶᠠᠮᠤᠨ ᠬᠠᠮᠲᠤᠷᠠᠨ ᠲᠦᠪ ᠤᠨ ᠡᠳ᠋ ᠤᠨ ᠵᠠᠰᠠᠭ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ | ᠡᠭᠦᠷᠭᠡ︶ ᠯᠦᠭᠡ ᠵᠤᠯᠭᠠᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ | ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ᠂ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠵᠤᠯᠭᠠᠭᠤᠯᠬᠤ ᠶᠢ ᠲᠡᠮᠵᠢᠵᠦ᠂ ︽ᠭᠤᠷᠪᠠᠨ ᠠᠴᠢ | ᠬᠤᠯᠪᠣᠭᠳᠠᠯ︾ ᠤᠯᠭᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ | ᠲᠤᠬᠠᠢ ᠲᠣᠳᠣᠷᠬᠠᠶ ᠪᠠᠶᠢᠷᠢᠯᠠᠭᠤᠯᠤᠯᠲᠠ ᠬᠢᠪᠠ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠪᠠᠯᠠ ᠮᠥᠩᠭᠦ ᠶᠢᠨ ᠳᠡᠮᠵᠢᠯᠭᠡ ᠶᠢᠨ ᠭᠤᠤᠯᠳᠠᠯᠭ᠎ᠠ ᠶᠢ ᠳᠣᠪᠤᠶᠢᠯᠭᠠᠵᠤ᠂ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠢ ᠨᠠᠷᠢᠨ ᠬᠢᠨᠠᠮᠠᠭᠠᠶ ᠤᠬᠠᠭᠠᠯᠠᠨ ᠲᠦᠯᠦᠪᠯᠡᠵᠦ ᠰᠢᠭᠰᠢᠨ ᠰᠣᠩᠭᠤᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠳᠤ ᠠᠰᠢᠭᠲᠠᠶ ᠮᠥᠷᠲᠡᠭᠡᠨ ᠪᠠᠰᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠶ ᠲᠥᠷᠥᠯ ᠵᠦᠢᠯ ᠢ ᠭᠤᠤᠯᠳᠠᠯᠭ᠎ᠠ ᠲᠠᠢ | ᠳᠡᠮᠵᠢᠬᠦ ᠬᠡᠷᠡᠭᠲᠡᠶ᠂ ᠡᠭᠦᠨ ᠳᠤ ᠬᠡᠷᠡᠭᠴᠡᠭᠡ ᠶᠢᠨ ᠲᠣᠭᠲᠠᠭᠠᠯ ᠳᠤ ᠨᠡᠶᠢᠴᠡᠭᠰᠡᠨ ᠬᠢᠯᠢ ᠬᠢᠵᠠᠭᠠᠷ ᠣᠷᠣᠨ ᠢ ᠬᠥᠭᠵᠢᠭᠦᠯᠦᠨ ᠮᠠᠨᠳᠤᠭᠤᠯᠵᠤ ᠠᠷᠠᠳ ᠢ | ᠪᠠᠶᠠᠵᠢᠭᠤᠯᠬᠤ ᠬᠠᠮᠢᠶ᠎ᠠ ᠪᠥᠬᠦᠶ ᠲᠥᠷᠥᠯ ᠵᠦᠢᠯ᠂ ᠦᠨᠳᠦᠰᠦᠲᠡᠨ ᠤ ᠲᠣᠰᠬᠤᠨ ᠴᠠᠶᠢᠵᠠ ᠶᠢᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ᠂ | ᠦᠨᠳᠦᠰᠦᠲᠡᠨ ᠤ ᠭᠠᠷ ᠦᠢᠯᠡᠳᠪᠦᠷᠢ ᠵᠡᠷᠭᠡ ᠤᠨᠴᠠᠯᠢᠬᠳᠤ ᠠᠵᠤ ᠦᠢᠯᠡᠰ ᠤᠨ ᠬᠥᠭᠵᠢᠯᠲᠡ ᠪᠠᠭᠲᠠᠨ᠎ᠠ ᠭᠡᠵᠦ ᠲᠤᠷᠠᠳᠴᠠᠢ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳ ᠰᠠᠶᠢᠲᠤᠷ ᠬᠢᠵᠦ᠂ ᠲᠥᠷᠥᠯ | ᠵᠦᠢᠯ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠠᠬᠢᠭᠤᠯᠵᠤ᠂ ᠲᠥᠷᠥᠯ ᠵᠦᠢᠯ ᠤᠨ ᠡᠳ᠋ ᠬᠥᠷᠥᠩᠭᠡ ᠶᠢᠨ ᠬᠤᠶᠢᠰᠢᠳᠠ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠣᠳᠠᠲᠠᠶ ᠲᠠᠢ ᠪᠠᠨ ᠤᠶᠠᠯᠳᠤᠭᠤᠯᠤᠨ | ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠳ᠋ | ᠬᠥᠷᠥᠩᠭᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠪᠠᠯᠠ ᠣᠷᠣᠭᠤᠯᠤᠯᠲᠠ ᠶᠢᠨ ᠬᠠᠨᠳᠤᠰᠢ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ | ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠬᠠᠮᠵᠢᠯᠴᠠᠭ᠎ᠠ ᠪᠠᠨ | ᠴᠢᠩᠭᠠᠳᠬᠠᠬᠤ ᠬᠡᠷᠡᠭᠲᠡᠶ᠃ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠮᠦᠨᠡᠬᠢ ᠬᠤᠭᠤᠴᠠᠭᠠᠨ ᠤ ᠪᠡᠯᠡᠳᠭᠡᠯ ᠨᠢ ᠯᠠᠪᠳᠠᠭᠤᠨ | ᠪᠠᠲᠤᠲᠠᠶ ᠭᠦᠢᠴᠡᠳ ᠪᠠᠶᠢᠬᠤ᠂ ᠲᠥᠷᠥᠯ ᠵᠦᠢᠯ ᠤᠨ ᠬᠡᠷᠡᠭᠵᠢᠭᠦᠯᠦᠯᠲᠡ ᠨᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠬᠤ᠂ ᠬᠤᠶᠢᠰᠢᠳᠠ ᠶᠢᠨ | ᠬᠠᠮᠢᠶᠠᠷᠤᠯᠲᠠ ᠨᠢ ᠦᠷᠭᠦᠯᠵᠢᠯᠡᠨ ᠬᠦᠴᠦᠲᠡᠶ ᠪᠠᠶᠢᠬᠤ᠂ ᠡᠯ᠎ᠡ ᠭᠤᠭᠴᠤᠭ᠎ᠠ ᠨᠢ ᠪᠦᠲᠦᠮᠵᠢᠲᠡᠶ ᠵᠣᠯᠭᠠᠯᠳᠤᠭᠰᠠᠨ ᠪᠥᠬᠦ ᠬᠡᠯᠬᠢᠶᠡᠨ ᠤ ᠪᠠᠯᠠ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠲᠤᠳᠤᠷᠬᠠᠶᠢᠯᠠᠪᠠ᠃ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠦᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠵᠤ᠂ ᠡᠯ᠎ᠡ ᠱᠠᠲᠤᠨ ᠤ ᠦᠨᠳᠦᠰᠦᠲᠡᠨ ᠤ | ᠠᠵᠢᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ︽ᠭᠤᠷᠪᠠᠨ ᠠᠴᠢ ᠬᠤᠯᠪᠣᠭᠳᠠᠯ︾ ᠤᠯᠭᠤᠬᠤ ᠱᠠᠭᠠᠷᠳᠠᠯᠭ᠎ᠠ ᠶᠢ ᠪᠠᠯᠠ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ᠂ ︽ᠰᠠᠶᠢᠨ ᠶᠠᠭᠤᠮ᠎ᠠ ᠶᠢ ᠰᠠᠶᠢᠨ ᠢᠶᠠᠷ ᠵᠠᠷᠤᠵᠤ︾᠂ ᠴᠥᠭᠡᠨ | ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ ᠭᠡᠵᠦ ᠢᠯᠡᠳᠭᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 24 ᠤ ᠴᠠᠬᠢᠯᠭᠠᠨ ᠮᠡᠳᠡᠭᠡ︶ | |