ᠡᠳ᠋ ᠤᠨ ᠵᠠᠰᠠᠭ ᠤᠨ ᠶᠠᠮᠤᠨ ᠤ 24 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ ᠲᠦᠷᠦᠭᠦᠦ 2 | ᠰᠠᠷ᠎ᠠ ᠳᠤ᠂ ᠪᠥᠬᠦ ᠤᠯᠤᠰ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 43856 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.6% ᠪᠠᠷ ᠪᠠᠭᠤᠷᠠᠵᠤ᠂ ᠭᠤᠤᠯᠳᠠᠭᠤ ᠲᠥᠪ ᠤᠨ ᠮᠥᠩᠭᠦᠨ ᠭᠦᠢᠯᠭᠡᠭᠡᠨ ᠤ ᠬᠡᠰᠡᠭ ᠠᠵᠤ ᠠᠬᠤᠶᠢᠯᠠᠯ ᠠᠴᠠ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠᠨ ᠬᠤᠷᠢᠶᠠᠩᠭᠤᠶᠢᠯᠠᠨ ᠪᠤᠳᠤᠵᠤ ᠳ᠋ᠦ᠋ᠩᠨᠡᠨ ᠲᠤᠰᠢᠶᠠᠵᠤ ᠬᠥᠮᠥᠷᠭᠡ ᠳᠤ ᠣᠷᠣᠭᠤᠯᠬᠤ ᠨᠢ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ ᠪᠠᠭᠠᠰᠤᠭᠰᠠᠨ ᠵᠡᠷᠭᠡ ᠨᠢᠭᠡ ᠯᠡ ᠤᠳᠠᠭ᠎ᠠ ᠶᠢᠨ ᠴᠢᠨᠠᠷᠲᠠᠶ ᠬᠦᠴᠦᠨ ᠵᠦᠢᠯ ᠤᠨ ᠨᠥᠯᠥᠭᠡ ᠶᠢ ᠭᠥᠷᠳᠡᠪᠡ᠃ | ᠲᠥᠪ ᠤᠨ ᠪᠠ ᠣᠷᠣᠨ ᠨᠤᠲᠤᠭ ᠢᠶᠠᠷ ᠬᠤᠪᠢᠶᠠᠵᠤ ᠦᠵᠡᠪᠡᠯ᠂ ᠲᠦᠷᠦᠭᠦᠦ 2 ᠰᠠᠷ᠎ᠠ ᠳᠤ᠂ ᠲᠥᠪ ᠤᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 194999 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠪᠠ︔ | ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠲᠣᠰ ᠱᠠᠲᠤᠨ ᠤ ᠣᠷᠣᠯᠭ᠎ᠠ 24357 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃ | ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ᠂ ᠲᠦᠷᠦᠭᠦᠦ 2 ᠰᠠᠷ᠎ᠠ ᠳᠤ᠂ ᠪᠥᠬᠦ ᠤᠯᠤᠰ ᠤᠨ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ 45096 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠨᠡᠩ ᠢᠳᠡᠪᠬᠢᠲᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠵᠠᠷᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠵᠠᠷᠤᠯᠭ᠎ᠠ ᠶᠢᠨ ᠠᠬᠢᠴᠠ ᠪᠠᠨ ᠲᠦᠷᠭᠡᠳᠭᠡᠪᠡ᠃ ᠲᠥᠪ ᠤᠨ ᠪᠠ ᠣᠷᠣᠨ ᠨᠤᠲᠤᠭ ᠢᠶᠠᠷ ᠬᠤᠪᠢᠶᠠᠵᠤ | ᠦᠵᠡᠪᠡᠯ᠂ ᠲᠥᠪ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠲᠣᠰ ᠱᠠᠲᠤᠨ ᠤ ᠵᠠᠷᠤᠯᠭ᠎ᠠ 5242 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ︔ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ | 39854 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2 .7% ᠪᠠᠷ ᠨᠡᠮᠡᠭᠳᠡᠪᠡ᠃ | ᠭᠤᠤᠯ ᠪᠣᠯᠬᠤ ᠵᠠᠷᠤᠯᠭ᠎ᠠ ᠶᠢᠨ ᠵᠦᠢᠯ ᠢᠯᠭᠠᠯ ᠠᠴᠠ ᠦᠵᠡᠪᠡᠯ᠂ ᠲᠦᠷᠦᠭᠦᠦ 2 ᠰᠠᠷ᠎ᠠ ᠳᠤ ᠰᠤᠷᠭᠠᠨ ᠬᠥᠮᠦᠵᠢᠯ ᠤᠨ ᠵᠠᠷᠤᠯᠭ᠎ᠠ 7377 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠷᠤᠯᠭ᠎ᠠ 1122 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ︔ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 507 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ | ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 8540 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1916 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃ | ᠪᠥᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠠᠯ᠎ᠠ ᠪᠠᠷ᠂ ᠲᠦᠷᠦᠭᠦᠦ 2 | ᠰᠠᠷ᠎ᠠ ᠳᠤ᠂ ᠪᠥᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 6381 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠪᠠᠭᠤᠷᠠᠪᠠ︔ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ | ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ 11358 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ | ᠨᠡᠮᠡᠭᠳᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 24 ᠤ ᠴᠠᠬᠢᠯᠭᠠᠨ ᠮᠡᠳᠡᠭᠡ︶ | |