ᠠᠦ᠋ᠰᠲᠷᠡᠯᠢᠶ᠎ᠠ ᠶᠢᠨ 50 ᠭᠠᠷᠤᠢ ᠮᠠᠯᠴᠢᠨ ᠤᠷᠳᠤᠰ ᠬᠤᠳᠠ ᠶᠢᠨ ᠦᠦᠰᠢᠨ ᠬᠤᠰᠢᠭᠤᠨ ᠳᠤ ᠢᠷᠡᠵᠦ ᠲᠤᠷᠰᠢᠯᠭ᠎ᠠ ᠰᠤᠯᠢᠯᠴᠠᠪᠠ
ᠨᠡᠶᠢᠲᠡᠯᠡᠭᠰᠡᠨ ᠴᠠᠭ᠄
2025/3/26

6387858117166132732157207.png

     ᠣᠶᠢᠷ᠎ᠠ ᠳᠤ᠂ ᠠᠦ᠋ᠰᠲᠷᠡᠯᠢᠶ᠎ᠠ ᠶᠢᠨ 50 ᠭᠠᠷᠤᠢ ᠮᠠᠯᠴᠢᠨ ᠤᠷᠳᠤᠰ ᠬᠤᠳᠠ ᠶᠢᠨ ᠦᠦᠰᠢᠨ ᠬᠤᠰᠢᠭᠤᠨ ᠳᠤ ᠢᠷᠡᠵᠦ ᠣᠷᠳᠣᠰ ᠤᠨ ᠨᠠᠷᠢᠨ

ᠨᠣᠣᠰᠣᠲᠤ ᠬᠤᠨᠢᠨ ᠤ ᠠᠵᠤ ᠦᠢᠯᠡᠰ ᠪᠠ ᠮᠣᠣᠠᠣᠰᠣ ᠶᠢᠨ ᠡᠯᠡᠰᠦᠷᠭᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠲᠤᠬᠠᠢ ᠳᠤᠭᠤᠷᠢᠨ ᠦᠵᠡᠵᠦ᠂

ᠬᠤᠶᠠᠷ ᠳᠠᠯ᠎ᠠ ᠪᠠᠷ ᠢᠶᠠᠨ ᠲᠤᠷᠰᠢᠯᠭ᠎ᠠ ᠪᠠᠨ ᠰᠣᠯᠢᠯᠴᠠᠵᠠᠢ᠃ ᠲᠣᠰ ᠠᠵᠢᠯᠯᠠᠭ᠎ᠠ ᠳᠤ ᠠᠦ᠋ᠰᠲᠷᠡᠯᠢᠶ᠎ᠠ ᠶᠢᠨ ᠮᠠᠯᠴᠢᠳ ᠦᠦᠰᠢᠨ ᠬᠤᠰᠢᠭᠤᠨ ᠤ

ᠣᠷᠳᠣᠰ ᠤᠨ ᠨᠠᠷᠢᠨ ᠨᠣᠣᠰᠣᠲᠤ ᠬᠤᠨᠢ ᠮᠠᠯᠵᠢᠵᠤ ᠪᠠᠶᠢᠭ᠎ᠠ ᠬᠤᠷᠰᠢᠶ᠎ᠠ᠂ ᠵᠢᠱᠢᠶᠡᠴᠢ ᠡᠷᠣᠬᠡ ᠵᠡᠷᠭᠡ ᠳᠤ ᠭᠦᠨᠵᠡᠭᠡᠶᠢᠷᠡᠨ᠂ ᠠᠦ᠋ᠰᠲᠷᠡᠯᠢᠶ᠎ᠠ ᠶᠢᠨ ᠨᠠᠷᠢᠨ

ᠨᠣᠣᠰᠣᠲᠤ ᠬᠤᠨᠢ ᠪᠠ ᠣᠷᠳᠣᠰ ᠤᠨ ᠨᠠᠷᠢᠨ ᠨᠣᠣᠰᠣᠲᠤ ᠬᠤᠨᠢᠨ ᠤ ᠮᠢᠬ᠎ᠠ ᠨᠣᠣᠰᠣᠨ ᠤ ᠵᠥᠷᠢᠶ᠎ᠡ ᠶᠢ ᠪᠠᠶᠢᠴᠠᠭᠠᠨ ᠰᠤᠳᠤᠯᠵᠤ᠂ ᠬᠤᠶᠠᠷ

ᠲᠠᠯ᠎ᠠ ᠪᠠᠷ ᠢᠶᠠᠨ ᠨᠠᠷᠢᠨ ᠨᠣᠣᠰᠣᠲᠤ ᠬᠤᠨᠢᠨ ᠤ ᠲᠤᠬᠠᠢ ᠬᠠᠮᠲᠤᠷᠠᠨ ᠠᠵᠢᠯᠯᠠᠬᠤ ᠭᠡᠷ᠎ᠡ ᠲᠣᠭᠲᠠᠵᠠᠢ᠃ ᠪᠠᠰᠠ ᠮᠣᠣᠠᠣᠰᠣ ᠶᠢᠨ ᠡᠯᠡᠰᠦᠷᠭᠡᠭ ᠭᠠᠵᠠᠷ ᠤᠨ

ᠠᠮᠢ ᠠᠬᠤᠢ ᠶᠢᠨ ᠵᠠᠰᠠᠯᠲᠠ ᠶᠢᠨ ᠣᠶᠢᠵᠢᠭᠤᠯᠤᠯᠲᠠ ᠶᠢᠨ ᠰᠠᠭᠤᠷᠢᠨ ᠳᠤ ᠬᠦᠷᠴᠦ ᠪᠣᠳᠠᠲᠤ ᠦᠢᠯᠡᠳᠦᠯᠭᠡ ᠳᠤ ᠣᠷᠣᠯᠴᠠᠪᠠ᠃ ᠵᠢᠷᠤᠭ ᠪᠤᠯ

ᠠᠦ᠋ᠰᠲᠷᠡᠯᠢᠶ᠎ᠠ ᠶᠢᠨ ᠮᠠᠯᠴᠢᠳ ᠣᠷᠳᠣᠰ ᠤᠨ ᠨᠠᠷᠢᠨ ᠨᠣᠣᠰᠣᠲᠤ ᠬᠤᠨᠢ ᠶᠢ ᠦᠵᠡᠵᠦ ᠪᠠᠶᠢᠭ᠎ᠠ ᠨᠢ᠃

ᠳᠤᠰ ᠰᠤᠨᠢᠨ ᠤ ᠰᠤᠷᠪᠤᠯᠵᠢᠯᠠᠭᠴᠢ ᠪᠤᠶ᠋ᠬᠠᠨᠡᠷᠢᠯ ᠴᠢᠮᠡᠭᠡᠯᠡᠭᠴᠢ ᠲᠠᠨ᠎ᠠ ᠰᠡᠬᠦᠳᠡᠷᠯᠡᠪᠡ

 

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ