ᠵᠤᠬᠢᠶᠠᠮᠠᠯ ᠤᠶᠤᠨ ᠴᠢᠳᠠᠪᠤᠷᠢ ᠪᠠᠷ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠬᠦᠴᠦᠨ ᠤᠯᠭᠤᠨ᠎ᠠ
ᠨᠡᠶᠢᠲᠡᠯᠡᠭᠰᠡᠨ ᠴᠠᠭ᠄
2025/3/26
     ᠤᠯᠤᠰ ᠲᠥᠷᠥ ᠬᠠᠤᠯᠢ ᠴᠠᠭᠠᠵᠠ ᠶᠢᠨ ᠦᠢᠯᠡᠴᠢᠯᠡᠭᠡᠨ ᠤ ᠣᠶᠤᠨᠳᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠤᠷᠴᠢᠮᠬᠠᠨ ᠬᠦᠬᠡᠬᠤᠳᠠ ᠶᠢᠨ ᠬᠤᠲᠣᠩ ᠠᠷᠠᠳ ᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠷᠬᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠲᠠᠭᠠᠨ DeepSeek ᠣᠶᠤᠨᠳᠤ AI ᠰᠢᠰᠲ᠋ᠧᠮ ᠢ ᠵᠢᠩᠬᠢᠨᠢ ᠪᠠᠷ ᠵᠠᠯᠭᠠᠨ ᠣᠷᠣᠭᠤᠯᠪᠠ᠃ ᠡᠨᠡ ᠨᠢ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠢ ᠠᠰᠢᠭᠯᠠᠨ ᠵᠠᠰᠠᠭ ᠤᠨ ᠶᠠᠪᠤᠳᠠᠯ ᠤᠨ ᠵᠥᠪᠯᠡᠯᠭᠡ ᠥᠭᠬᠦ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠨᠠᠷᠢᠯᠢᠭ ᠣᠨᠣᠪᠴᠢᠲᠠᠶ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠬᠠᠤᠯᠢ ᠴᠠᠭᠠᠵᠠ ᠬᠢᠭᠡᠳ ᠠᠷᠠᠳ ᠤᠨ ᠠᠮᠢᠳᠤᠷᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃    ᠰᠠᠭᠤᠭᠠᠯᠢ ᠠᠷᠠᠳ ᠵᠢᠷᠬᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠢ ᠠᠩᠬᠠᠷᠪᠠᠯ ᠳᠠᠷᠤᠶ ᠥᠰᠥᠭ ᠪᠢᠴᠢᠭ᠂ ᠠᠪᠢᠶ᠎ᠠ ᠵᠡᠷᠭᠡ ᠠᠷᠭ᠎ᠠ ᠬᠡᠯᠪᠡᠷᠢ ᠪᠠᠷ DeepSek ᠤᠶᠤᠨᠲᠤ AI ᠲᠠᠢ ᠴᠠᠭ ᠲᠤᠬᠠᠶ ᠳᠤᠨᠢ ᠦᠢᠯᠡᠳᠦᠯᠴᠡᠵᠦ᠂ ᠤᠶᠤᠨᠲᠤ ᠬᠠᠤᠯᠢ ᠴᠠᠭᠠᠵᠠ ᠶᠢᠨ ᠯᠠᠪᠯᠠᠭ᠎ᠠ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠶ ᠲᠠᠶᠢᠯᠤᠮᠵᠢ᠂ ᠨᠡᠶᠢᠭᠡᠮ ᠤᠨ ᠪᠠᠲᠤᠯᠠᠭ᠎ᠠ ᠶᠢᠨ ᠰᠢᠨ᠎ᠡ ᠲᠥᠷᠥ ᠶᠢᠨ ᠪᠣᠳᠣᠯᠭ᠎ᠠ᠂ ᠡᠷᠦᠬᠡ ᠠᠮᠠ ᠶᠢᠨ ᠲᠠᠩᠰᠠ ᠶᠢ ᠭᠦᠢᠴᠡᠳᠭᠡᠬᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠢᠮ ᠵᠡᠷᠭᠡ ᠲᠥᠷᠥ ᠶᠢᠨ ᠪᠣᠳᠣᠯᠭ᠎ᠠ ᠶᠢ ᠤᠶᠢᠯᠠᠭᠠᠵᠤ᠂ AI ᠨᠢ ᠲᠣᠪᠴᠢ ᠠᠪᠰᠠᠷᠬᠠᠨ ᠦᠭᠡ ᠬᠡᠯᠡ ᠪᠠᠷ ᠬᠠᠤᠯᠢ ᠲᠤᠬᠳᠠᠭᠠᠯ ᠤᠨ ᠵᠦᠢᠯ ᠵᠤᠷᠪᠤᠰ ᠢ ᠵᠠᠳᠠᠯᠵᠤ ᠦᠭᠬᠦ ᠪᠣᠯᠤᠨ᠎ᠠ᠃    ᠬᠤᠲᠣᠩ ᠠᠷᠠᠳ ᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠠᠮᠢᠶ᠎ᠠ ᠪᠥᠬᠦᠶ ᠠᠵᠢᠯᠲᠠᠨ᠄ ︽DeepSeek ᠤᠶᠤᠨᠲᠤ AI ᠢ ᠵᠠᠯᠭᠠᠨ ᠣᠷᠣᠭᠤᠯᠬᠤ ᠪᠣᠯ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢᠨ ᠵᠠᠩᠭᠢᠯᠠᠭ᠎ᠠ ᠶᠢᠨ ᠨᠢᠭᠡ ᠠᠯᠬᠤᠮ ᠮᠥᠨ᠂ ᠪᠢᠳᠡ AI ᠪᠠᠷ ᠳᠠᠮᠵᠢᠨ 80% ᠠᠴᠠ ᠳᠡᠭᠡᠭᠰᠢᠬᠢ ᠵᠥᠪᠯᠡᠯᠭᠡ ᠦᠭᠭᠦ ᠠᠵᠢᠯ ᠢ ᠬᠦᠢᠴᠡᠳᠭᠡᠵᠦ᠂ ᠬᠥᠮᠦᠨ ᠤ ᠬᠦᠴᠦ ᠪᠠᠨ ᠪᠤᠳᠤᠯᠢᠶᠠᠨᠲᠠᠶ ᠬᠡᠷᠡᠭ ᠲᠤ ᠲᠥᠪᠯᠡᠷᠡᠭᠦᠯᠬᠦ ᠶᠢᠨ ᠬᠠᠮᠲᠤ 7 × 24 ᠴᠠᠭ ᠤᠨ ᠦᠢᠯᠡᠴᠢᠯᠡᠭᠡ ᠶᠢ ᠪᠠᠲᠤᠯᠠᠵᠤ᠂ ᠰᠠᠭᠤᠭᠠᠯᠢ ᠠᠷᠠᠳ ᠲᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠠ︾ ᠭᠡᠵᠦ ᠬᠡᠯᠡᠪᠡ᠃     ᠲᠠᠷᠠᠭᠠᠴᠢ ᠪᠠᠷ᠂ ᠬᠤᠲᠣᠩ ᠠᠷᠠᠳ ᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠤᠶᠤᠨᠳᠤ AI ᠢᠢᠨ ᠳᠠᠯᠳᠠ ᠬᠦᠴᠦᠨ ᠢ ᠦᠷᠭᠦᠯᠵᠢᠯᠡᠨ ᠠᠭᠤᠳᠠᠯᠵᠤ᠂ ᠬᠠᠷᠢᠭᠤ ᠲᠤᠰᠬᠠᠯ ᠢ ᠦᠨᠳᠦᠰᠦᠯᠡᠨ ᠠᠰᠠᠭᠤᠯᠲᠠ ᠬᠠᠷᠢᠭᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠵᠥᠪ ᠣᠨᠣᠪᠴᠢᠲᠤ ᠴᠢᠨᠠᠷ ᠪᠠ ᠬᠡᠷᠡᠭᠯᠡᠭᠡᠨ ᠤ ᠴᠢᠨᠠᠷ ᠢ ᠳᠠᠬᠢᠨ ᠨᠢᠭᠡ ᠳᠡᠭᠲᠡᠷ ᠲᠤ ᠭᠠᠷᠭᠠᠬᠤ ᠶᠢ ᠪᠠᠲᠤᠯᠠᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠨᠡᠶᠢᠳᠭᠡᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠤᠨ᠂ ᠲᠣᠭᠠᠴᠢᠯᠠᠭᠰᠠᠨ ᠤᠯᠤᠰ ᠲᠥᠷᠥ ᠬᠠᠤᠯᠢ ᠴᠠᠭᠠᠵᠠ ᠪᠠᠷ ᠬᠠᠷᠢᠶᠠᠲᠤ ᠣᠷᠣᠨ ᠤ ᠰᠠᠭᠤᠭᠠᠯᠢ ᠠᠷᠠᠳ   ᠲᠤ ᠦᠨᠡᠨ ᠬᠦ ᠠᠰᠢᠭ ᠬᠦᠷᠲᠡᠭᠡᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ