ᠮᠠᠨ ᠤ ᠤᠷᠤᠨ ᠲᠤᠰᠬᠠᠢ ᠠᠰᠢᠭ ᠤᠨ ᠡᠷᠬᠡ ᠳᠤ ᠬᠠᠯᠳᠠᠬᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ  ᠶᠢᠨ ᠵᠢᠷᠦᠮᠵᠢᠯ ᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/3/26
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠢᠢᠨ ᠦᠮᠴᠢᠯᠡᠯ ᠤᠨ ᠡᠷᠬᠡ  ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠢᠢᠨ ᠦᠮᠴᠢᠯᠡᠯ ᠤᠨ ᠡᠷᠬᠡ ᠢᠢᠨ ᠬᠠᠮᠠᠭᠠᠯᠠᠯᠲᠠ ᠶᠢᠨ ᠲᠥᠪ ᠤᠨ ᠬᠠᠮᠲᠤ ᠪᠠᠷ ᠲᠤᠭᠤᠷᠪᠢᠭᠰᠠᠨ ︽ᠲᠤᠰᠬᠠᠢ ᠠᠰᠢᠭ ᠤᠨ ᠡᠷᠬᠡ ᠳᠤ ᠬᠠᠯᠳᠠᠬᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠢᠢᠨ ᠰᠢᠬᠦᠬᠦ ᠲᠢᠩᠬᠢᠮ ᠤᠨ ᠰᠢᠭᠦᠯᠲᠡ ᠶᠢᠨ ᠵᠢᠷᠦᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ︵ᠳᠣᠷᠣᠭᠰᠢ ︽ᠵᠢᠷᠤᠮᠵᠢᠯ︾ ᠭᠡᠵᠦ ᠳᠦᠭᠦᠮᠴᠢᠯᠡᠨ᠎ᠡ︶ ᠶᠢ ᠬᠡᠷᠡᠭᠵᠢᠭᠦᠯᠪᠡ᠃    ᠣᠶᠢᠷ᠎ᠠ  ᠶᠢᠨ ᠵᠢᠯ ᠠᠴᠠ ᠨᠠᠭᠠᠰᠢ᠂ ᠮᠠᠨ ᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠲᠦᠷᠭᠡᠨ ᠳᠡᠭᠡᠭᠰᠢᠯᠡᠬᠦ ᠶᠢ ᠳᠠᠭᠠᠯᠳᠤᠨ᠂ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠪᠠ ᠲᠤᠰᠬᠠᠢ ᠠᠰᠢᠭ ᠤᠨ ᠡᠷᠬᠡ ᠣᠯᠭᠤᠬᠤ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ ᠲᠤ ᠴᠦ ᠪᠤᠳᠤᠯᠢᠶᠠᠨᠲᠠᠶ ᠪᠥᠭᠡᠳ ᠣᠯᠠᠨ ᠶᠠᠩᠵᠤ ᠢᠢᠨ ᠬᠠᠨᠳᠤᠰᠢ ᠢᠯᠡᠷᠡᠭᠰᠡᠨ ᠪᠠᠶᠢᠨ᠎ᠠ᠃ ᠤᠯᠠᠮᠵᠢᠯᠠᠯᠲᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠶᠠᠪᠤᠴᠠ ᠨᠢ ᠨᠢᠭᠡᠳᠦᠯ ᠥᠬᠡᠶ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠᠲᠠᠶ᠂ ᠲᠤᠬᠠᠢ  ᠶᠢᠨ ᠬᠥᠮᠦᠨ ᠤ ᠡᠷᠬᠡ ᠠᠰᠢᠭ ᠤᠨ ᠪᠠᠲᠤᠯᠠᠭ᠎ᠠ ᠬᠦᠷᠦᠯᠴᠡᠬᠦ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠬᠦ  ᠶᠢᠨ ᠲᠦᠯᠦᠭᠡ ᠥᠪᠡᠷᠲᠡᠭᠡᠨ ᠵᠠᠰᠠᠬᠤ ᠣᠷᠣᠨ ᠤ ᠮᠡᠳᠡᠯᠭᠡ ᠢᠢᠨ ᠦᠮᠴᠢᠯᠡᠯ ᠤᠨ ᠡᠷᠬᠡ ᠢᠢᠨ ᠲᠣᠪᠴᠢᠶ᠎ᠠ ᠠᠴᠠ ᠬᠠᠤᠯᠢ ᠴᠠᠭᠠᠵᠠ ᠶᠢᠨ ᠰᠠᠯᠠᠭ᠎ᠠ ᠮᠥᠴᠢᠷ᠂ ᠬᠠᠤᠯᠢ ᠴᠠᠭᠠᠵᠠ ᠢᠢᠨ ᠲᠤᠰᠬᠠᠶ ᠮᠡᠷᠭᠡᠵᠢᠯᠲᠡᠨ ᠵᠢᠴᠢ ᠠᠵᠢᠯ ᠲᠥᠷᠥᠯ ᠤᠨ ᠲᠥᠯᠥᠭᠡᠯᠡᠭᠴᠢᠳ ᠲᠠᠢ ᠬᠠᠮᠵᠢᠯᠴᠠᠨ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠵᠦ᠂ ︽ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠤᠬᠲᠠᠭᠠᠪᠠ᠃     ︽ᠵᠢᠷᠤᠮᠵᠢᠯ︾ ᠤᠨ ᠬᠡᠷᠡᠭᠵᠢᠭᠦᠯᠦᠯᠲᠡ ᠨᠢ ︽ᠮᠡᠳᠡᠯᠭᠡ  ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠤᠯᠤᠰ ᠢ ᠪᠠᠶᠢᠭᠤᠯᠬᠤ ᠬᠦᠲᠦᠯᠪᠦᠷᠢ ︵2021 — 2035 ᠣᠨ︶︾ ᠶᠢ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠪᠣᠯᠬᠤ ᠮᠥᠷᠲᠡᠭᠡᠨ ᠪᠠᠰᠠ ᠴᠦ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠢᠢᠨ ᠦᠮᠴᠢᠯᠡᠯ ᠤᠨ ᠡᠷᠬᠡ ᠶᠢᠨ ᠲᠣᠪᠴᠢᠶ᠎ᠠ ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠲᠠ ᠶᠢᠨ ᠬᠡᠪᠴᠢᠶᠡᠨ ᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢ ᠵᠢᠷᠤᠮᠵᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠦᠷᠢᠮ ᠢ ᠤᠯᠠᠮ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠳᠤ ᠨᠠᠩ ᠦᠨᠳᠦᠰᠦᠯᠡᠯ ᠲᠠᠢ ᠪᠣᠯᠭᠠᠬᠤ ᠪᠠᠷ ᠴᠢᠷᠮᠠᠶᠢᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ