︽2025 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ︾ ᠳᠤ᠂ ᠮᠠᠨ ᠤ ᠤᠷᠤᠨ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠬᠥᠭᠵᠢᠭᠦᠯᠵᠦ᠂ ᠪᠤᠳᠤᠯᠭ᠎ᠠ ᠶᠢᠨ | ᠬᠦᠴᠦᠨ ᠤ ᠬᠡᠪᠴᠢᠶ᠎ᠡ ᠶᠢ 20 ᠲᠦᠮᠡᠨ P ᠳᠠᠪᠠᠭᠤᠯᠤᠨ᠂ ᠤᠶᠤᠨᠲᠤ ᠪᠣᠳᠣᠯᠭ᠎ᠠ ᠶᠢᠨ ᠬᠡᠪᠴᠢᠶ᠎ᠡ ᠪᠥᠬᠦ ᠤᠯᠤᠰ ᠤᠨ ᠲᠡᠷᠢᠬᠦᠨ ᠪᠠᠶᠢᠷᠢᠨ ᠳᠤ | ᠪᠠᠶᠢᠬᠤ ᠶᠢ ᠪᠠᠲᠤᠯᠠᠨ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ ᠴᠠᠬᠢᠯᠭᠠᠨ ᠤ ᠬᠠᠷᠢᠴᠠᠯ ᠢ 80% ᠠᠴᠠ ᠳᠤᠤᠷ᠎ᠠ | ᠪᠠᠶᠢᠯᠭᠠᠬᠤ ᠦᠬᠡᠢ ᠭᠡᠵᠦ ᠲᠤᠷᠠᠳᠪᠠ᠃ | ᠡᠨᠡ ᠵᠢᠯ ᠮᠠᠨ ᠤ ᠤᠷᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠢᠷᠡᠭᠡᠳᠦᠢ ᠶᠢᠨ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠦ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠤᠳᠤᠯᠭ᠎ᠠ ᠶᠢᠨ ᠬᠦᠴᠦᠨ ᠤ | ᠰᠦᠯᠵᠢᠶ᠎ᠡ ᠶᠢᠨ ᠤᠯᠤᠰ ︵ᠥᠪᠥᠷ ᠮᠣᠩᠭᠤᠯ︶ ᠤᠨ ᠬᠦᠢᠰᠦ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠦ᠂ 400G / 800G ᠶᠢᠨ | ᠪᠦᠷᠢᠨ ᠭᠡᠷᠡᠯᠯᠢᠭ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠭᠡᠨ᠂ ᠪᠤᠳᠤᠯᠭ᠎ᠠ ᠶᠢᠨ ᠬᠦᠴᠦᠨ ᠤ ᠬᠢᠨᠠᠨ ᠬᠡᠮᠵᠢᠵᠦ ᠲᠣᠬᠢᠷᠠᠭᠤᠯᠬᠤ ᠲᠠᠪᠴᠠᠩ ᠢ | ᠪᠠᠶᠢᠭᠤᠯᠬᠤ ᠪᠠᠷ ᠳᠠᠮᠵᠢᠭᠤᠯᠤᠨ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠯᠡᠯ ᠪᠣᠯᠤᠨ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠳᠡᠭᠡᠳᠦ ᠬᠤᠷᠳᠤᠴᠠᠲᠤ ᠰᠢᠭᠤᠳ ᠬᠤᠯᠪᠣᠭ᠎ᠠ ᠶᠢ | ᠠᠬᠢᠭᠤᠯᠤᠨ᠂ ᠪᠡᠭᠡᠵᠢᠩ ᠳᠤ ᠬᠠᠨᠳᠤᠭᠤᠯᠤᠭᠰᠠᠨ ᠬᠡᠲᠦ ᠶᠡᠭᠡ ᠬᠡᠪᠴᠢᠶᠡᠨ ᠤ ᠣᠶᠤᠨᠴᠢ ᠪᠦᠯᠦᠭᠵᠢᠯ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ | ᠬᠤᠸᠠ ᠸᠧᠶ ᠡᠭᠦᠯᠡᠨ ᠳ᠋ᠠᠶᠢᠲ᠋ᠠ ᠶᠢᠨ ᠲᠥᠪ᠂ ᠵᠢᠦ ᠵᠧᠦ ᠶᠢᠨ ᠤᠶᠤᠨᠴᠢ ᠪᠤᠳᠤᠯᠭ᠎ᠠ᠂ ᠫᠢᠡᠭ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠠᠯᠢᠪᠠᠪᠠ᠂ ᠵᠦᠩ ᠶᠢᠨ ᠳ᠋ᠠᠶᠢᠲ᠋ᠠ ᠵᠡᠷᠭᠡ 20 ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ︽ᠵᠣᠬᠢᠶᠠᠮᠠᠯ | ᠣᠶᠤᠨ ᠴᠢᠳᠠᠪᠤᠷᠢ +︾᠂ ︽ᠳ᠋ᠠᠶᠢᠲ᠋ᠠ ᠶᠢᠨ ᠡᠯᠧᠮᠧᠨ᠋ᠲ ×︾ ᠵᠡᠷᠭᠡ ᠠᠵᠢᠯᠯᠠᠭ᠎ᠠ ᠦᠷᠨᠢᠭᠦᠯᠤᠨ᠂ ᠨᠢᠭᠡ ᠪᠦᠯᠦᠭ ᠵᠣᠬᠢᠶᠠᠮᠠᠯ ᠣᠶᠤᠨ ᠴᠢᠳᠠᠪᠤᠷᠢ ᠶᠢᠨ | ᠨᠡᠶᠢᠲᠡᠯᠢᠭ ᠬᠡᠷᠡᠭᠯᠡᠭᠡᠨ ᠤ ᠲᠥᠷᠥᠯ ᠵᠦᠢᠯ ᠢ ᠬᠡᠷᠡᠭᠵᠢᠭᠦᠯᠦᠨ᠂ ᠬᠥᠬᠡᠬᠤᠲᠠ ᠢᠢᠨ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠤᠨ ᠰᠠᠭᠤᠷᠢᠨ ᠢ | ᠭᠦᠭᠵᠢᠭᠦᠯᠬᠦ ᠪᠠᠷ ᠳᠠᠮᠵᠢᠭᠤᠯᠤᠨ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 150 ᠲᠦᠮᠡᠨ ᠰᠠᠭᠤᠷᠢ ᠰᠢᠨ᠎ᠡ ᠪᠠᠷ | ᠨᠡᠮᠡᠭᠳᠡᠬᠦᠯᠦᠨ᠎ᠡ ᠭᠡᠵᠦ ᠲᠤᠷᠠᠳᠴᠠᠢ᠃ | ︽2025 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ︾ ᠶᠢ ᠦᠨᠳᠦᠰᠦᠯᠡᠪᠡᠯ᠂ ᠮᠡᠨ ᠤ ᠤᠷᠤᠨ ᠡᠨᠡ ᠵᠢᠯ ᠤᠯᠤᠰ ᠤᠨ ᠤᠶᠢᠷ᠎ᠠ ᠤᠬᠳᠠᠷᠭᠤᠢ ᠶᠢᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠢ ᠪᠠᠲᠤᠯᠠᠬᠤ ᠪᠠ ᠬᠠᠤᠯᠢ | ᠴᠠᠭᠠᠵᠠ ᠲᠦᠷᠢᠮ ᠲᠣᠭᠲᠠᠭᠠᠯ ᠢ ᠵᠢᠷᠤᠮᠯᠠᠬᠤ ᠤᠷᠢᠲᠠᠯ ᠳᠤᠤᠷ᠎ᠠ᠂ ᠰᠢᠰᠲ᠋ᠧᠮ ᠲᠠᠢ ᠲᠥᠯᠥᠪᠵᠢᠭᠦᠯᠬᠦ ᠪᠠᠨ ᠴᠢᠩᠭᠠᠳᠬᠠᠵᠤ᠂ ᠠᠵᠤ ᠦᠢᠯᠡᠰ ᠤᠨ ᠰᠠᠭᠤᠷᠢ | ᠶᠢ ᠪᠠᠬᠢᠵᠢᠭᠦᠯᠵᠦ᠂ ᠡᠯ᠎ᠡ ᠭᠠᠵᠠᠷ ᠤᠨ ᠬᠢᠨ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠬᠤ ᠶᠢ ᠬᠦᠳᠦᠯᠦᠨ ᠵᠢᠯᠤᠭᠤᠳᠴᠤ᠂ | ᠣᠨᠴᠠ ᠬᠥᠭᠵᠢᠯᠲᠡ ᠶᠢᠨ ᠳᠠᠪᠠᠭᠤᠯᠢᠭ ᠢ ᠪᠦᠷᠢᠯᠳᠦᠭᠦᠯᠵᠦ᠂ ᠤᠶᠢᠷ᠎ᠠ ᠤᠬᠳᠠᠷᠭᠤᠢ ᠶᠢᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠢ | ᠠᠯᠬᠤᠮ ᠠᠯᠬᠤᠮ ᠢᠶᠠᠷ ᠪᠠᠳᠠᠷᠠᠭᠤᠯᠬᠤ ᠪᠤᠯᠤᠨ᠎ᠠ᠃ | |