ᠮᠠᠨ ᠤ ᠤᠷᠤᠨ ᠤ ᠤᠷᠢᠳᠴᠢᠯᠠᠨ ᠬᠢᠨᠠᠬᠤ ᠶᠢ ᠦᠡᠭᠭᠡᠷᠡᠭᠡᠭᠰᠡᠨ ᠲᠤᠰᠬᠠᠢ ᠠᠰᠢᠭ ᠤᠨ ᠡᠷᠬᠡ ᠤᠯᠭᠤᠬᠰᠠᠨ ᠬᠡᠮᠵᠢᠶ᠎ᠡ 442% ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2025/3/27
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ᠂ ᠪᠥᠬᠦ ᠣᠷᠣᠨ ᠤ ᠲᠤᠰᠬᠠᠶ ᠠᠰᠢᠭ ᠢ ᠤᠷᠢᠳᠴᠢᠯᠠᠨ ᠬᠢᠨᠠᠬᠤ ︵ᠮᠡᠳᠡᠯᠭᠡ  ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠠᠴᠠ ᠲᠤᠰᠬᠠᠶ ᠠᠰᠢᠭ ᠭᠤᠶᠤᠴᠢᠯᠠᠬᠤ ᠪᠢᠴᠢᠭ ᠮᠠᠲ᠋ᠧᠷᠢᠶᠠᠯ ᠳᠤ ᠤᠷᠢᠳᠴᠢᠯᠠᠨ ᠬᠢᠨᠠᠨ ᠪᠠᠶᠢᠴᠠᠭᠠᠯᠲᠠ ᠬᠢᠬᠦ ᠦᠢᠯᠡᠴᠢᠯᠡᠭᠡ︶ ᠠᠵᠢᠯ ᠤᠨ 100% ᠶᠢ 7 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ᠂ ᠤᠷᠢᠳᠴᠢᠯᠠᠨ ᠬᠢᠨᠠᠬᠤ ᠲᠤᠬᠠᠶᠢᠯᠠᠭᠰᠠᠨ ᠠᠵᠢᠯ ᠢ ︽ᠬᠤᠭᠤᠴᠠᠭ᠎ᠠ ᠠᠴᠠ ᠬᠡᠲᠦᠷᠡᠭᠦᠯᠬᠦ ᠥᠬᠡᠶ︾ ᠪᠠᠷ ᠭᠦᠢᠴᠡᠳᠭᠡᠬᠦ ᠶᠢ ᠪᠡᠶᠡᠯᠡᠭᠦᠯᠪᠡ᠃ ᠤᠷᠢᠳᠴᠢᠯᠠᠨ ᠬᠢᠨᠠᠬᠤ ᠳᠤ ᠬᠢᠷᠢ ᠲᠡᠩᠴᠡᠭᠰᠡᠨ 3290 ᠬᠤᠪᠢ ᠲᠤᠰᠬᠠᠶ ᠠᠰᠢᠭ ᠲᠤ ᠲᠤᠰᠬᠠᠢ ᠠᠰᠢᠭ ᠤᠨ ᠡᠷᠬᠡ ᠣᠯᠭᠤᠵᠤ᠂ ᠳᠡᠭᠡᠷ᠎ᠡ ᠵᠢᠯ ᠤᠨ ᠬᠢ ᠠᠴᠠ 442% ᠢᠶᠠᠷ ᠨᠡᠮᠡᠭᠳᠡᠪᠡ᠃    ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠪᠥᠬᠦ ᠬᠡᠯᠬᠢᠶᠡᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠲᠤᠰᠬᠠᠶ ᠠᠰᠢᠭ ᠢ ᠤᠷᠢᠳᠴᠢᠯᠠᠨ ᠬᠢᠨᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠨᠠᠩ ᠣᠯᠠᠨ ᠡᠵᠡᠩᠨᠡᠯᠲᠡ  ᠶᠢᠨ ᠭᠤᠤᠯ ᠴᠣᠭᠴᠠ ᠳᠤ ᠬᠦᠷᠲᠡᠭᠡᠪᠡ᠃ 2024 ᠣᠨ ᠳᠤ᠂ ᠪᠥᠬᠦ ᠣᠷᠣᠨ ᠨᠡᠶᠢᠲᠡ 5772 ᠬᠤᠪᠢ ᠲᠤᠰᠬᠠᠶ ᠠᠰᠢᠭ ᠢ ᠤᠷᠢᠳᠴᠢᠯᠠᠨ ᠬᠢᠨᠠᠬᠤ ᠠᠵᠢᠯ ᠢ ᠭᠥᠯᠢᠶᠡᠨ ᠠᠪᠴᠤ᠂ 5715 ᠬᠤᠪᠢ ᠶᠢ ᠰᠢᠢᠳᠪᠦᠷᠢᠯᠡᠨ᠂ ᠰᠢᠢᠳᠪᠦᠷᠢᠯᠡᠭᠰᠡᠨ ᠬᠡᠮᠵᠢᠶ᠎ᠡ ᠳᠡᠭᠡᠷ᠎ᠡ ᠵᠢᠯ ᠤᠨ ᠬᠢ ᠠᠴᠠ 396% ᠪᠠᠷ ᠨᠡᠮᠡᠭᠳᠡᠪᠡ ︔ ᠤᠷᠢᠳᠴᠢᠯᠠᠨ ᠬᠢᠨᠠᠬᠤ ᠳᠤ ᠬᠢᠷᠢ ᠲᠡᠩᠴᠡᠭᠰᠡᠨ ᠲᠤᠰᠬᠠᠢ ᠠᠰᠢᠭ 4427 ᠬᠤᠪᠢ ᠪᠠᠶᠢᠵᠤ᠂ ᠳᠡᠭᠡᠷ᠎ᠡ ᠵᠢᠯ ᠤᠨ ᠬᠢ ᠠᠴᠠ 340% ᠪᠠᠷ ᠨᠡᠮᠡᠭᠳᠡᠪᠡ᠃    ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ  ᠶᠢᠨ ᠬᠠᠮᠠᠭᠠᠯᠠᠯᠲᠠ  ᠶᠢᠨ ᠲᠥᠪ ᠤᠨ ᠬᠢᠨ ᠠᠵᠤ ᠠᠬᠤᠶᠢᠯᠠᠯ ᠤᠨ ᠥᠨᠳᠥᠷ ᠥᠷᠲᠡᠭᠲᠦ ᠲᠤᠰᠬᠠᠶ ᠠᠰᠢᠭ ᠤᠨ ᠪᠤᠶᠢᠵᠢᠭᠤᠯᠤᠯᠲᠠ ᠬᠢᠭᠡᠳ ᠪᠠᠶᠢᠷᠢᠰᠢᠭᠤᠯᠤᠯᠲᠠ ᠶᠢᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠢᠯᠢ᠂ ᠮᠧᠩ ᠨᠢᠤ᠂ ᠡᠸᠤ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠵᠡᠷᠭᠡ 30 ᠭᠠᠷᠤᠶ ᠠᠵᠤ ᠠᠬᠤᠶᠢᠯᠠᠯ ᠳᠤ ᠭᠦᠨᠵᠡᠭᠡᠶᠢᠷᠡᠨ ᠤᠨᠤᠴᠠᠲᠠᠢ ᠦᠢᠯᠡᠴᠢᠯᠡᠭᠡ ᠶᠢ ᠥᠷᠨᠢᠭᠦᠯᠵᠦ᠂ ︽ᠰᠤᠳᠤᠯᠤᠨ ᠨᠡᠭᠡᠭᠡᠬᠦ — ᠵᠤᠬᠢᠶᠠᠨ ᠪᠢᠴᠢᠬᠦ — ᠬᠢᠨᠠᠨ ᠪᠠᠶᠢᠴᠠᠭᠠᠬᠤ︾ ᠪᠥᠬᠦ ᠶᠠᠪᠤᠴᠠ ᠶᠢᠨ ᠨᠢᠭᠡ ᠥᠷᠲᠡᠭᠡᠴᠢᠯᠡᠭᠰᠡᠨ ᠲᠤᠰᠬᠠᠶ ᠠᠰᠢᠭ ᠤᠨ ᠤᠷᠢᠳᠴᠢᠯᠠᠨ ᠬᠢᠨᠠᠬᠤ ᠬᠠᠮᠵᠢᠯᠴᠠᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ᠂ ᠲᠤᠰᠬᠠᠶ ᠠᠰᠢᠭ ᠢ ᠤᠷᠢᠳᠴᠢᠯᠠᠨ ᠬᠢᠨᠠᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠡᠮᠵᠢᠶ᠎ᠡ ᠦᠳᠲᠡᠷ ᠲᠦᠷᠭᠡᠨ ᠨᠡᠮᠡᠭᠳᠡᠵᠦ᠂ ᠤᠷᠢᠳᠴᠢᠯᠠᠨ ᠬᠢᠨᠠᠬᠤ ᠶᠠᠰᠤ ᠴᠢᠨᠠᠷ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ᠃ 2024 ᠣᠨ ᠳᠤ ᠪᠦᠬᠦ ᠤᠷᠤᠨ ᠤ ᠲᠤᠰᠬᠠᠢ ᠠᠰᠢᠭ ᠢ ᠤᠷᠢᠳᠴᠢᠯᠠᠨ ᠬᠢᠨᠠᠬᠤ ᠭᠤᠶᠤᠴᠢᠯᠠᠯ ᠳᠡᠪᠰᠢᠭᠦᠯᠦᠭᠰᠡᠨ ᠭᠠᠵᠠᠷ ᠤᠷᠤᠨ ᠭᠤᠤᠯᠳᠠᠭᠤ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠳᠤ ᠲᠥᠪᠯᠡᠷᠡᠵᠦ᠂ ᠲᠣᠰ ᠲᠣᠰ ᠪᠥᠬᠦ ᠣᠷᠣᠨ ᠤ ᠭᠤᠶᠤᠴᠢᠯᠠᠯ ᠤᠨ ᠬᠡᠮᠵᠢᠶᠡᠨ ᠤ 46.9%᠂ 14.8%᠂ 13.8% ᠶᠢ ᠡᠵᠡᠯᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ