ᠤᠶᠢᠷ᠎ᠠ ᠶᠢᠨ ᠡᠳᠦᠷ᠂ ᠮᠠᠨ ᠤ ᠤᠷᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ︽ᠬᠢᠨᠠᠯᠳᠡ | ᠬᠠᠮᠢᠶᠠᠷᠤᠯᠳᠡ ᠪᠠᠨ ᠴᠢᠩᠭᠠᠳᠬᠠᠵᠤ ᠠᠶᠤᠯ ᠲᠦᠭᠰᠢᠬᠦᠷᠢ ᠶᠢ ᠰᠡᠷᠭᠡᠶᠢᠯᠡᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠤᠨ ᠭᠤᠤᠯ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠣᠨᠣᠪᠴᠢᠲᠠᠶ ᠣᠶᠢᠯᠠᠭᠠᠭᠤᠯᠵᠤ᠂ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ | ᠳᠡᠯᠭᠡᠭᠦᠷ ᠢ ᠠᠰᠢᠭᠯᠠᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ | ᠭᠤᠷᠪᠠᠳᠤᠭᠠᠷ ᠬᠤᠭᠤᠴᠠᠭᠠᠨ ᠤ ᠤᠮᠠᠷᠠᠲᠤ ᠬᠢᠯᠢ ᠶᠢᠨ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠶᠠᠨ ᠤ ᠲᠠᠩᠬᠢᠮ ᠢ | ᠡᠷᠭᠢᠯᠡᠵᠠᠢ᠃ | ᠲᠤᠰ ᠶᠠᠷᠢᠶᠠᠨ ᠤ ᠲᠠᠩᠬᠢᠮ ︽ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠶᠢᠰᠣᠨ ᠵᠤᠷᠪᠤᠰ︾ ᠤᠨ ᠲᠦᠢᠮᠣ ᠪᠠᠶᠢᠳᠠᠯ ᠤᠨ ᠲᠤᠬᠠᠶ ᠶᠠᠷᠢᠵᠤ᠂ | 2024 ᠣᠨ ᠳᠤ ᠬᠠᠮᠤᠭ ᠤᠨ ᠰᠢᠨ᠎ᠡ ᠨᠡᠶᠢᠲᠡᠯᠡᠭᠰᠡᠨ ︽ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠠᠶᠤᠯ ᠲᠦᠭᠰᠢᠭᠦᠷᠢ ᠶᠢ ᠰᠡᠷᠭᠡᠶᠢᠯᠡᠨ | ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾᠂ | ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠢᠮᠣ ᠪᠠᠶᠢᠳᠠᠯ᠂ ᠳᠤᠮᠳᠠᠳᠤ ᠤᠯᠤᠰ ᠤᠨ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠪᠣᠷᠣ ᠲᠥᠯᠥᠪ ᠵᠢᠴᠢ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢᠨ ᠠᠴᠢ ᠬᠤᠯᠪᠣᠭᠳᠠᠯ ᠢ ᠶᠠᠷᠢᠵᠦ᠂ ᠲᠡᠭᠦᠨ ᠤ ᠵᠥᠪ ᠲᠠᠯ᠎ᠠ ᠶᠢᠨ ᠦᠢᠯᠡᠳᠦᠯ | ᠪᠣᠯᠤᠨ ᠳᠠᠯᠳᠠ ᠥᠷᠢᠰᠥᠯᠳᠦᠭᠡᠨ ᠢ ᠬᠤᠪᠢᠰᠤᠩᠭᠤᠶ ᠪᠠᠷ ᠵᠠᠳᠠᠯᠵᠤ᠂ ᠠᠵᠤ ᠠᠬᠤᠶᠢᠯᠠᠯ ᠤᠨ ᠵᠦᠢ ᠵᠤᠬᠢᠰᠳᠠᠢ ᠬᠥᠷᠥᠩᠭᠡᠵᠢᠬᠦ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠬᠦᠴᠦᠨ ᠨᠡᠮᠡᠷᠢᠯᠡᠵᠠᠢ︔ ᠪᠡᠭᠡᠵᠢᠩ ᠤᠨ ᠦᠨᠡᠳᠤ ᠲᠡᠮᠳᠡᠭᠳᠦ ᠶᠢᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠲᠤᠬᠠᠶ | ᠲᠦᠢᠮᠣ ᠪᠠᠶᠢᠳᠠᠯ ᠢ ᠶᠠᠷᠢᠵᠤ᠂ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠯᠤᠭ᠎ᠠ ᠶᠢᠨ ᠵᠥᠷᠢᠶᠡᠲᠦ ᠬᠠᠷᠢᠴᠠᠭᠤᠯᠤᠯ ᠲᠠᠢ ᠤᠶᠠᠯᠳᠤᠭᠤᠯᠤᠨ᠂ ᠠᠵᠤ | ᠠᠬᠤᠶᠢᠯᠠᠯ ᠳᠤ ︽ᠵᠢᠵᠢᠭ ᠮᠥᠷᠲᠡᠭᠡᠨ ᠰᠢᠯᠢᠳᠡᠭ︾ ᠵᠠᠬ᠎ᠠ ᠳᠡᠯᠭᠡᠭᠦᠷ ᠲᠤ ᠭᠠᠷᠬᠤ ᠠᠷᠭ᠎ᠠ ᠵᠠᠮ ᠤᠨ ᠲᠥᠯᠥᠪᠵᠢᠭᠦᠯᠭᠡ ᠶᠢᠨ ᠰᠠᠨᠠᠭᠤᠯᠭ᠎ᠠ ᠬᠠᠩᠭᠠᠵᠠᠢ︔ | ᠰᠢᠨ᠎ᠡ ᠭᠤᠷᠪᠠᠳᠤᠭᠠᠷ ᠬᠡᠪ ᠤᠨ ᠫᠠᠶᠢᠰᠠ ᠡᠯᠭᠦᠬᠦ ᠲᠤᠬᠠᠶ ᠲᠦᠢᠮᠣ ᠪᠠᠶᠢᠳᠠᠯ ᠢ ᠶᠠᠷᠢᠵᠤ᠂ ︽5 + 1︾ ᠡᠳ᠋ ᠤᠨ ᠶᠠᠪᠤᠳᠠᠯ ᠤᠨ ᠪᠠᠷᠢᠮᠵᠢᠶ᠎ᠠ ᠶᠢᠨ | ᠰᠢᠰᠲ᠋ᠧᠮ ᠵᠢᠴᠢ ᠫᠠᠶᠢᠰᠠ ᠡᠯᠭᠦᠬᠦ ᠶᠠᠪᠤᠴᠡ ᠶᠢ ᠲᠠᠨᠢᠯᠴᠠᠭᠤᠯᠵᠠᠢ︔ ᠠᠵᠤ ᠠᠬᠤᠶᠢᠯᠠᠯ ᠤᠨ ᠬᠥᠷᠥᠩᠭᠡ ᠶᠢᠨ ᠠᠵᠢᠯᠯᠠᠭᠠᠨ ᠤ ᠠᠷᠭ᠎ᠠ ᠵᠠᠮ ᠢ ᠶᠠᠷᠢᠵᠤ᠂ | ᠰᠦ ᠶᠢᠨ ᠦᠢᠯᠡᠰ ᠢᠶᠠᠷ ᠨᠡᠶᠢᠲᠡᠯᠢᠭ ᠵᠢᠱᠢᠶ᠎ᠡ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠪᠢᠴᠠᠭᠠᠳᠤ ᠺᠣᠮᠫᠠᠨᠢ | ᠪᠠᠶᠢᠭᠤᠯᠤᠭᠰᠠᠨ ᠠᠴᠠ ᠪᠡᠬᠡᠵᠢᠩ ᠤᠨ ᠦᠨᠡᠳᠤ ᠳᠡᠮᠳᠡᠭᠳᠤ ᠶᠢᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠬᠦᠷᠲᠡᠯᠡᠬᠢ 16 ᠵᠢᠯ ᠤᠨ | ᠬᠦᠭᠵᠢᠯᠳᠡ ᠶᠢᠨ ᠠᠷᠭ᠎ᠠ ᠵᠠᠮ ᠢ ᠵᠠᠳᠠᠯᠵᠤ᠂ ᠠᠵᠤ ᠠᠬᠤᠶᠢᠯᠠᠯ ᠳᠤ ᠬᠠᠭᠤᠯᠪᠤᠷᠢᠯᠠᠵᠤ ᠪᠣᠯᠬᠤᠶᠢᠴᠠ ᠬᠦᠭᠵᠢᠯᠳᠡ ᠶᠢᠨ ᠵᠢᠷᠤᠭ ᠲᠥᠯᠥᠪᠯᠡᠭᠡ ᠶᠢ ᠬᠠᠨᠭ᠍ᠭᠠᠨ | ᠦᠭᠴᠠᠢ᠃ | ᠲᠤᠰ ᠲᠠᠶᠢᠯᠤᠮᠵᠢ ᠨᠢ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ︽ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ | ᠵᠢᠰᠦᠨ ᠵᠤᠷᠪᠤᠰ︾ ᠤᠨ ᠭᠤᠤᠯ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠲᠤ ᠭᠠᠷᠬᠤ | ᠲᠥᠯᠥᠪᠯᠡᠭᠡ ᠪᠠᠨ ᠡᠬᠢᠯᠡᠭᠦᠯᠬᠦ ᠳᠤ ᠨᠠᠩ ᠢᠲᠡᠭᠡᠯ ᠲᠠᠢ ᠪᠣᠯᠭᠠᠵᠠᠢ᠃ |