2024 ᠣᠨ ᠳᠤ ᠮᠠᠨᠵᠤᠤᠷ ᠪᠣᠭᠤᠮᠲᠠ ᠶᠢᠨ ᠬᠠᠷᠢᠶᠠᠨ ᠳᠠᠬᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠠᠷᠠᠯᠵᠢᠶᠠᠨ ᠤ ᠥᠷᠲᠡᠭ 564.16 ᠳ᠋ᠦᠩᠰᠢᠭᠤᠷ ᠲᠥᠭᠦᠷᠢᠭ  ᠲᠤ ᠬᠦᠷᠪᠡ
ᠨᠡᠶᠢᠲᠡᠯᠡᠭᠰᠡᠨ ᠴᠠᠭ᠄
2025/3/27
     ᠮᠠᠨᠵᠤᠤᠷ ᠪᠣᠭᠤᠮᠲᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠤᠰᠤᠯᠡᠪᠡᠯ᠂ 2024 ᠣᠨ ᠳᠤ ᠮᠠᠨᠵᠤᠤᠷ ᠪᠣᠭᠤᠮᠲᠠ ᠶᠢᠨ ᠬᠠᠷᠢᠶᠠᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 564.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.23% ᠪᠠᠷ ᠨᠡᠮᠡᠭᠳᠡᠪᠡ᠃ ᠲᠠᠸᠠᠷ ᠤᠨ ᠪᠦᠲᠦᠴᠡ ᠶᠢᠨ ᠬᠤᠪᠢ ᠳᠤ᠂ ᠭᠠᠳᠠᠭᠠᠳᠤ ᠠᠴᠠ ᠣᠷᠣᠭᠤᠯᠤᠭᠰᠠᠨ ᠲᠡᠮᠦᠷᠯᠢᠭ ᠤᠨ ᠠᠭᠤᠷᠬᠠᠶ ᠵᠢᠴᠢ ᠬᠦᠳᠡᠷ᠂ ᠭᠠᠳᠠᠭᠠᠳᠤ ᠳᠤ ᠭᠠᠷᠭᠠᠬᠤ ᠮᠣᠲ᠋ᠣᠷ ᠲᠡᠷᠭᠡ᠂ ᠭᠠᠳᠠᠭᠠᠳᠤ ᠳᠤ ᠭᠠᠷᠭᠠᠬᠤ ᠨᠡᠬᠡᠮᠡᠯ ᠤᠨ ᠮᠠᠰᠢᠨ ᠮᠧᠬᠠᠨᠢᠭ ᠵᠢᠴᠢ ᠲᠣᠨᠣᠭᠯᠠᠭᠠᠰᠤ ᠵᠡᠷᠭᠡ ᠲᠠᠸᠠᠷ ᠤᠨ ᠠᠷᠠᠯᠵᠢᠶᠠᠨ ᠤ ᠥᠷᠲᠡᠭ ᠲᠣᠰ ᠲᠣᠰ 64.68%᠂ 106.1% ᠪᠠ 162.8% ᠪᠠᠷ ᠨᠡᠮᠡᠭᠳᠡᠪᠡ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ︽ᠨᠠᠶᠢᠵᠠ ᠶᠢᠨ ᠲᠣᠭᠤᠷᠢᠭ︾ ᠴᠤ ᠣᠷᠣᠰ᠂ ᠮᠣᠩᠭᠤᠯ᠂ ᠴᠢᠯᠢ᠂  ᠫᠧᠷᠦ᠋ ᠵᠡᠷᠭᠡ 130 ᠭᠠᠷᠤᠶ ᠤᠯᠤᠰ ᠪᠠ ᠭᠠᠵᠠᠷ ᠣᠷᠣᠨ ᠳᠤ ᠬᠦᠷᠲᠡᠯ᠎ᠡ ᠥᠷᠭᠡᠳᠭᠡᠪᠡ᠃ ᠡᠨᠡ ᠬᠦ ᠠᠮᠵᠢᠯᠲᠠ ᠨᠢ ᠣᠷᠣᠨ ᠨᠤᠲᠤᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠪᠥᠭᠡᠳ ᠮᠠᠨᠵᠤᠤᠷ ᠪᠣᠭᠤᠮᠲᠠ ᠶᠢᠨ ᠬᠢᠨ ᠠᠵᠤ ᠠᠬᠤᠶᠢᠯᠠᠯ ᠳᠤ ᠦᠷᠭᠦᠯᠵᠢᠯᠡᠨ ᠠᠰᠢᠭ ᠬᠦᠷᠲᠡᠭᠡᠵᠦ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠦᠷ᠎ᠡ ᠪᠦᠲᠦᠮᠵᠢ ᠪᠠ ᠬᠢᠯᠠᠰ ᠴᠡᠭ ᠢ ᠲᠤᠰᠬᠠᠭᠰᠠᠨ ᠪᠠᠶᠢᠨ᠎ᠠ᠃    ᠣᠶᠢᠷ᠎ᠠ ᠶᠢᠨ ᠵᠢᠯ ᠤᠳ ᠲᠤ᠂ ᠪᠥᠬᠦ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠲᠡᠮᠦᠷ ᠵᠠᠮ ᠤᠨ ᠪᠣᠭᠤᠮᠲᠠ ᠶᠢᠨ ᠣᠷᠣᠨ ᠪᠠᠶᠢᠷᠢ ᠶᠢᠨ ᠣᠨᠴᠠᠯᠢᠭ ᠲᠤ ᠰᠠᠭᠤᠷᠢᠯᠠᠨ᠂ ᠮᠠᠨᠵᠤᠤᠷ ᠪᠣᠭᠤᠮᠲᠠ ᠶᠢᠨ ᠬᠠᠷᠢᠶᠠᠨ ᠳᠠᠬᠢ ᠮᠠᠨᠵᠤᠤᠷ ᠤᠨ ᠲᠡᠷᠭᠡᠨ ᠥᠷᠲᠡᠭᠡᠨ ᠤ ᠪᠣᠭᠤᠮᠲᠠ ᠵᠠᠯᠭᠠᠭ᠎ᠠ ᠪᠠᠷ ᠣᠯᠠᠨ ᠵᠦᠢᠯ ᠤᠨ ᠪᠣᠳᠠᠲᠠᠶ ᠠᠷᠭ᠎ᠠ ᠬᠡᠮᠵᠢᠶ᠎ᠠ ᠭᠠᠷᠭᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ ᠦᠢᠯᠡᠴᠢᠯᠡᠪᠡ᠃    ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠦᠴᠦᠨ ᠮᠥᠨ᠃ ᠡᠶᠢᠮᠤ ᠠᠴᠠ ᠮᠠᠨ ᠤ ᠪᠣᠭᠤᠮᠲᠠ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠣᠯᠠᠨ ᠤᠯᠤᠰ ᠤᠨ ᠠᠷᠠᠯᠵᠢᠶᠠᠨ ᠤ ᠪᠥᠬᠦ ᠦᠶᠡᠯᠡᠯ ᠤᠨ ᠬᠤᠭᠤᠴᠠᠭ᠎ᠠ ᠶᠢ ᠨᠡᠭᠡᠭᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠪᠠᠳᠠᠷᠠᠭᠤᠯᠵᠤ ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠨᠠᠩ ᠥᠷᠭᠡᠨ ᠠᠭᠤᠳᠠᠮ ᠳᠡᠯᠡᠬᠡᠶ ᠶᠢᠨ ᠵᠠᠬ᠎ᠠ ᠳᠡᠯᠭᠡᠭᠦᠷ ᠲᠤ ᠣᠷᠣᠬᠤ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ︾ ᠬᠡᠵᠤ ᠮᠠᠨᠵᠤᠤᠷ ᠤᠨ ᠲᠡᠷᠭᠡᠨ ᠥᠷᠲᠡᠭᠡᠨ ᠤ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠠᠷᠢᠵᠦ ᠪᠠᠶᠢᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ