ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠲᠦᠷᠦᠭᠦᠬᠡᠨ ᠬᠥᠬᠡᠬᠤᠲᠠ ︽ᠨᠡᠶᠢᠯᠡᠮᠡᠯ | ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠬᠡᠷᠡᠭᠵᠢᠭᠦᠯᠬᠦ ᠰᠠᠨᠠᠯ ᠤᠳ︾ ᠢ | ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ 11 ᠵᠦᠢᠯ ᠤᠨ ᠪᠤᠳᠠᠲᠠᠢ ᠠᠷᠭ᠎ᠠ ᠬᠡᠮᠵᠢᠶ᠎ᠡ ᠶᠢ ᠲᠤᠭᠲᠠᠭᠠᠵᠤ᠂ ᠨᠡᠶᠢᠯᠡᠮᠡᠯ ᠠᠮᠢᠳᠤ ᠪᠤᠳᠠᠰ ᠤᠨ ᠠᠵᠤ | ᠦᠢᠯᠡᠰ ᠤᠨ ᠬᠦᠭᠵᠢᠯᠲᠡ ᠶᠢ ᠬᠦᠴᠦᠯᠡᠨ ᠠᠬᠢᠭᠤᠯᠵᠤ ᠪᠤᠢ᠃ | ︽ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠬᠡᠷᠡᠭᠵᠢᠭᠦᠯᠬᠦ | ᠰᠠᠨᠠᠯ ᠤᠳ︾ ᠲᠤ 2027 ᠣᠨ ᠪᠣᠯᠲᠠᠯ᠎ᠠ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ︵ | ᠨᠡᠪᠴᠢᠭᠦᠯᠵᠦ︶᠂ ᠨᠢᠭᠡ ᠪᠦᠯᠦᠭ ᠨᠡᠶᠢᠯᠡᠮᠡᠯ ᠠᠮᠢᠳᠤ ᠪᠣᠳᠠᠰ ᠤᠨ ᠲᠡᠷᠢᠭᠦᠨ ᠤ ᠦᠷ᠎ᠡ ᠪᠦᠲᠦᠭᠡᠯ ᠢ ᠤᠨᠳᠤᠤᠰᠢᠭᠤᠯᠤᠨ ᠨᠠᠶᠢᠳᠠᠪᠤᠷᠢᠵᠢᠭᠤᠯᠵᠤ᠂ ︽ᠵᠡᠭᠦᠨ | ᠬᠡᠰᠡᠭ ᠲᠤ ᠰᠤᠳᠤᠯᠤᠨ ᠨᠡᠭᠡᠭᠡᠵᠦ᠂ ᠬᠥᠬᠡᠬᠤᠲᠠ ᠳᠤ ᠦᠢᠯᠡᠳᠪᠦᠷᠢᠯᠡᠬᠦ︾ ᠪᠥᠬᠦ ᠤᠯᠤᠰ ᠤᠨ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠵᠦ | ᠬᠥᠭᠵᠢᠬᠦ ᠵᠠᠭᠪᠤᠷ ᠢ ᠪᠦᠷᠢᠯᠳᠦᠭᠦᠯᠵᠦ᠂ ᠨᠡᠶᠢᠯᠡᠮᠡᠯ ᠠᠮᠢᠳᠤ ᠪᠣᠳᠠᠰ ᠬᠢᠭᠡᠳ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ | ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠡᠳ᠋ᠰᠢᠭᠦᠯᠬᠦ ᠠᠵᠤ ᠦᠢᠯᠡᠰ ᠤᠨ ᠡᠪᠦᠴᠡᠯᠳᠦᠨ ᠬᠥᠭᠵᠢᠬᠦ ᠶᠢ ᠠᠬᠢᠭᠤᠯᠵᠤ᠂ ᠠᠮᠢᠳᠤ ᠪᠣᠳᠠᠰ ᠤᠨ | ᠣᠶᠤᠨᠴᠢ ᠦᠢᠯᠡᠳᠬᠡᠯ ᠤᠨ ᠬᠦᠨᠳᠡᠢ᠂ ᠨᠡᠶᠢᠯᠡᠮᠡᠯ ᠠᠮᠢᠳᠤ ᠪᠣᠳᠠᠰ ᠤᠨ ᠵᠣᠬᠢᠶᠠᠮᠠᠯ ᠤᠶᠤᠨ ᠴᠢᠳᠠᠪᠤᠷᠢ ᠶᠢᠨ ᠪᠤᠳᠤᠯᠲᠠ ᠶᠢᠨ ᠬᠦᠴᠦᠨ ᠤ ᠲᠥᠪ ᠵᠡᠷᠭᠡ | ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠪᠠᠶᠢᠭᠤᠯᠵᠤ᠂ ᠠᠵᠤ ᠦᠢᠯᠡᠰ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ | ᠲᠥᠭᠦᠷᠢᠭ ᠲᠤ ᠬᠦᠷᠦᠭᠦᠯᠵᠦ᠂ 2030 ᠣᠨ ᠪᠣᠯᠬᠤ ᠳᠤ ᠬᠥᠬᠡᠬᠤᠲᠠ ᠶᠢ ᠪᠥᠬᠦ ᠤᠯᠤᠰ ᠤᠨ ᠲᠡᠷᠢᠭᠦᠨ ᠤ ᠨᠡᠶᠢᠯᠡᠮᠡᠯ ᠠᠮᠢᠳᠤ ᠪᠣᠳᠠᠰ ᠤᠨ ᠠᠵᠤ | ᠦᠢᠯᠡᠰ ᠤᠨ ᠬᠦᠴᠦᠷᠭᠡᠭ ᠬᠤᠲᠠ ᠪᠤᠯᠭᠠᠨ ᠴᠤᠭᠴᠠᠯᠠᠬᠤ ᠪᠤᠯᠤᠨ᠎ᠠ᠃ |