ᠮᠠᠨ ᠤ ᠤᠷᠤᠨ ᠬᠡᠰᠡᠭ ᠡᠨᠧᠷᠭᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠡᠷᠭᠡ ᠶᠢ ᠠᠶᠢᠮᠠᠭ ᠬᠤᠲᠠ ᠳᠤ ᠪᠠᠭᠤᠯᠭᠠᠵᠠᠢ
ᠨᠡᠶᠢᠲᠡᠯᠡᠭᠰᠡᠨ ᠴᠠᠭ᠄
2025/3/27
     ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠬᠡᠰᠡᠭ ᠡᠨᠤᠷᠬᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ ᠶᠢ ᠠᠶᠢᠮᠠᠭ ᠬᠤᠲᠠ ᠳᠤ ᠪᠠᠭᠤᠯᠭᠠᠪᠠ᠃    ᠤᠶᠢᠯᠠᠭᠠᠭᠰᠠᠨ ᠢᠶᠠᠷ᠂ ᠡᠨᠤᠷᠬᠢ ᠲᠤᠤᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ᠂ ᠦᠨᠡᠯᠡᠨ ᠵᠢᠱᠢᠬᠦ᠂ ᠬᠢᠨᠠᠨ ᠵᠦᠪᠰᠢᠶᠡᠷᠡᠬᠦ ᠡᠷᠬᠡ ᠶᠢ ᠪᠦᠬᠦᠨ ᠢ ᠠᠶᠢᠮᠠᠭ ᠬᠤᠲᠠ ᠶᠢᠨ ᠡᠨᠧᠷᠭᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠭᠤᠯᠭᠠᠵᠤ᠂ ᠠᠶᠢᠮᠠᠭ ᠬᠤᠲᠠ ᠡᠨᠧᠷᠭᠢ ᠲᠤᠤᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠬᠡᠪᠴᠢᠶᠡᠲᠦ ᠬᠠᠮᠢᠶᠠᠷᠤᠯᠲᠠ ᠶᠢᠨ ᠡᠷᠬᠡ ᠶᠢ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠭᠤᠯᠭᠠᠵᠤ᠂ ᠠᠶᠢᠮᠠᠭ ᠬᠤᠲᠠ ᠨᠢ ᠤᠯᠠᠷᠢᠯ ᠬᠤᠪᠢᠶᠠᠨ ᠲᠤᠰ ᠭᠠᠵᠠᠷ ᠣᠷᠣᠨ ᠤ ᠪᠠᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠳᠤᠷᠠᠳᠴᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠠᠭ ᠲᠤᠬᠠᠶ ᠳᠤᠨᠢ ᠥᠷᠨᠢᠭᠦᠯᠤᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠪᠠᠭᠳᠠᠭᠠᠨ ᠰᠢᠩᠭᠡᠭᠡᠬᠦ ᠣᠷᠣᠨ ᠵᠠᠶ ᠶᠢ ᠲᠣᠭᠲᠠᠭᠠᠬᠤ ᠡᠷᠬᠡ ᠶᠢ ᠮᠤᠵᠢ ᠶᠢᠨ ᠱᠠᠲᠤᠨ ᠤ ᠴᠠᠬᠢᠯᠭᠠᠨ ᠲᠤᠤᠷ ᠤᠨ ᠺᠣᠮᠫᠠᠨᠢ ᠠᠴᠠ ᠠᠶᠢᠮᠠᠭ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠳᠤ ᠪᠠᠭᠤᠯᠭᠠᠵᠦ᠂ ᠠᠶᠢᠮᠠᠭ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠬᠤᠰᠢᠭᠤ ᠰᠢᠶᠠᠨ ᠬᠤᠪᠢᠶᠠᠨ᠂ ᠤᠯᠠᠷᠢᠯ ᠬᠤᠪᠢᠶᠠᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠪᠠᠭᠳᠠᠭᠠᠨ ᠰᠢᠩᠭᠡᠭᠡᠬᠦ ᠣᠷᠣᠨ ᠵᠠᠶ ᠵᠢᠴᠢ ᠤᠷᠢᠳᠴᠢᠯᠠᠨ ᠰᠡᠷᠡᠮᠵᠢᠯᠡᠭᠦᠯᠬᠦ ᠦᠷ᠎ᠡ ᠳ᠋ᠦᠩ ᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠢᠯᠴᠢ ᠶᠢᠨ ᠴᠠᠬᠢᠯᠭᠠᠨ ᠢ ᠰᠢᠨ᠎ᠡ ᠡᠨᠧᠷᠭᠢ ᠶᠢ ᠪᠠᠭᠳᠠᠭᠠᠨ ᠰᠢᠩᠭᠡᠭᠡᠬᠦ ᠲᠦᠷᠦᠯ ᠵᠦᠢᠯ ᠪᠤᠯᠭᠠᠨ ᠦᠭᠡᠷᠡᠴᠢᠯᠡᠵᠦ᠂ ᠰᠢᠨ᠎ᠡ ᠡᠨᠧᠷᠭᠢ ᠶᠢᠨ ᠦᠢᠯᠡᠳᠪᠦᠷᠢ ᠶᠢ ᠲᠥᠯᠥᠪᠵᠢᠭᠦᠯᠤᠨ ᠪᠠᠶᠢᠭᠤᠯᠬᠤ ᠳᠤ ᠴᠠᠬᠢᠯᠭᠠᠨ ᠲᠤᠤᠷ ᠤᠨ ᠺᠤᠮᠫᠠᠨᠢ ᠶᠢᠨ ᠵᠦᠪᠰᠢᠶᠡᠷᠡᠯ ᠢ ᠤᠯᠬᠤ ᠴᠢᠬᠤᠯᠠ ᠲᠠᠢ ᠪᠤᠯ ᠵᠦᠪᠰᠢᠶᠡᠷᠡᠯ ᠢ ᠨᠢ ᠮᠤᠵᠢ ᠶᠢᠨ ᠱᠠᠲᠤᠨ ᠤ ᠴᠠᠬᠢᠯᠭᠠᠨ ᠲᠤᠤᠷ ᠤᠨ ᠺᠣᠮᠫᠠᠨᠢ ᠠᠴᠠ ᠭᠠᠷᠭᠠᠵᠤ ᠥᠭᠴᠦ ᠪᠠᠶᠢᠭᠰᠠᠨ ᠢ ᠠᠶᠢᠮᠠᠭ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠠᠴᠠ ᠭᠠᠷᠭᠠᠬᠤ ᠪᠤᠯᠭᠠᠨ ᠳᠤᠬᠢᠷᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ