ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠡ ᠶᠢᠨ ᠶᠠᠮᠤᠨ 2024 ᠣᠨ ᠤ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠬᠦ | ᠦᠢᠯᠡᠰ ᠤᠨ ᠨᠡᠷᠡᠰ ᠢ ᠨᠡᠶᠢᠲᠡᠯᠡᠵᠦ᠂ ᠮᠠᠨ ᠤ ᠤᠷᠤᠨ ᠳᠤ 26 ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ 8᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠠᠵᠤ ᠠᠬᠤᠶᠢᠯᠠᠯ 2 | ᠰᠢᠨ᠎ᠡ ᠪᠠᠷ ᠨᠡᠮᠡᠭᠳᠡᠵᠠᠢ᠃ ᠣᠳᠣᠬᠠᠨ ᠪᠣᠯᠲᠠᠯ᠎ᠠ᠂ ᠮᠠᠨ ᠤ ᠤᠷᠤᠨ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 14᠂ ᠪᠣᠬᠢᠷᠲᠤᠯ ᠥᠬᠡᠶ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 20᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠠᠵᠤ ᠠᠬᠤᠶᠢᠯᠠᠯ | 6 ᠶᠢ ᠡᠭᠦᠳᠦᠨ ᠪᠠᠶᠢᠭᠤᠯᠵᠠᠢ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 403᠂ ᠪᠣᠬᠢᠷᠲᠤᠯ ᠥᠬᠡᠶ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ 29᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠠᠵᠤ ᠠᠬᠤᠶᠢᠯᠠᠯ 47 ᠶᠢ | ᠡᠭᠦᠳᠦᠨ ᠪᠠᠶᠢᠭᠤᠯᠵᠠᠢ᠃ | ᠤᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠳᠡ ᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠨ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ | ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠬᠦ ᠲᠤᠬᠠᠶ ᠰᠠᠨᠠᠯ︾᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠶᠠᠮᠤᠨ ᠵᠡᠷᠭᠡ | ᠲᠤᠯᠤᠭᠠᠨ ᠰᠠᠯᠠᠭ᠎ᠠ ᠮᠥᠴᠢᠷ ᠤᠨ ︽ᠦᠢᠯᠡᠳᠬᠦ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠭᠡᠨ ᠠᠬᠢᠭᠤᠯᠬᠤ ᠲᠤᠬᠠᠶ ᠵᠢᠯᠣᠭᠤᠳᠬᠤ | ᠰᠠᠨᠠᠯ︾ ᠢ ᠨᠠᠷᠢᠨ ᠬᠢᠨᠠᠮᠠᠭᠠᠶ ᠲᠤᠭᠤᠰᠢᠯᠠᠭᠤᠯᠵᠦ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠦᠢᠯᠡᠳᠬᠦ | ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠦ᠂ ᠪᠤᠬᠢᠷᠳᠤᠯ ᠦᠬᠡᠢ ᠦᠢᠯᠡᠳᠬᠦ ᠦᠢᠯᠡᠰ ᠤᠨ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠲᠠᠰᠤᠷᠠᠯᠳᠡ ᠦᠬᠡᠢ ᠲᠡᠬᠦᠯᠳᠡᠷᠵᠢᠬᠦᠯᠦᠨ᠂ ᠪᠤᠬᠢᠷᠳᠤᠯ ᠦᠬᠡᠢ ᠦᠢᠯᠡᠳᠬᠦ ᠦᠢᠯᠡᠰ ᠢ ᠬᠦᠭᠵᠢᠬᠦᠯᠬᠦ ᠦᠢᠯᠡᠴᠢᠯᠡᠭᠡᠨ ᠤ | ᠲᠤᠬᠳᠠᠴᠡ ᠶᠢ ᠴᠢᠩᠭᠠᠳᠬᠠᠵᠤ᠂ ᠤᠷᠢᠳᠴᠢᠯᠡᠨ ᠦᠢᠯᠡᠴᠢᠯᠡᠨ ᠨᠠᠷᠢᠯᠢᠭ ᠤᠨᠤᠴᠠᠳᠠᠢ ᠵᠢᠯᠦᠭᠤᠳᠴᠦ ᠶᠠᠰᠦ ᠴᠢᠨᠠᠷ ᠢ ᠦᠨᠡᠨ ᠬᠦ ᠪᠠᠳᠤᠯᠠᠵᠦ᠂ ᠪᠤᠬᠢᠷᠳᠤᠯ | ᠦᠬᠡᠢ ᠦᠢᠯᠡᠳᠬᠦ ᠦᠢᠯᠡᠰ ᠤᠨ ᠲᠦᠷᠦ ᠶᠢᠨ ᠪᠤᠳᠤᠯᠭ᠎ᠠ ᠶᠢᠨ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠠᠢ᠃ | |