2024 ᠤᠨ ᠳᠤ ᠮᠠᠨ ᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠢᠲᠡᠭᠡᠮᠵᠢ ᠶᠢᠨ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠬᠦ᠂ ᠢᠲᠡᠭᠡᠮᠵᠢ ᠶᠢᠨ ᠲᠤᠭ᠎ᠠ ᠪᠠᠷᠢᠮᠲᠠ ᠶᠢ ᠢᠳᠡᠪᠬᠢᠲᠡᠶ ᠠᠭᠤᠳᠠᠯᠬᠤ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠯᠦᠭᠡ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠠᠷᠢᠮᠵᠢᠶ᠎ᠠ ᠪᠣᠯᠭᠠᠵᠤ᠂ | ︽ᠦᠪᠦᠷ ᠮᠤᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾ ᠶᠢᠨ ᠮᠦᠩᠭᠦᠨ ᠭᠦᠢᠯᠭᠡᠭᠡᠨ ᠤ | ᠦᠢᠯᠡᠴᠢᠯᠡᠭᠡ ᠭᠠᠷᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 49 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ | ᠤᠯᠭᠤᠵᠠᠢ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠪᠠ ᠢᠲᠡᠭᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠤᠨ ᠨᠡᠶᠢᠳᠭᠡᠵᠦ᠂ 3 ᠲᠠᠰ ᠤᠨ 30 | ᠲᠤᠭ᠎ᠠ ᠪᠠᠷᠢᠮᠲᠠ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠢ ᠪᠠᠶᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠢᠲᠡᠭᠡᠮᠵᠢ | ᠶᠢᠨ ᠦᠨᠡᠯᠡᠯᠲᠡ ᠬᠢᠬᠦ ᠶᠢᠨ ᠬᠠᠮᠲᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤ ᠪᠠᠷ | ᠡᠳ᠋ᠯᠡᠵᠦ᠂ ᠢᠲᠡᠭᠡᠮᠵᠢ ᠳᠤ ᠲᠦᠰᠢᠭᠯᠡᠵᠦ᠂ ᠪᠠᠷᠢᠴᠠᠭᠠᠯᠠᠬᠤ ᠴᠢᠬᠤᠯᠠ ᠥᠬᠡᠶ᠂ ᠪᠠᠳᠤᠯᠠᠨ ᠳᠠᠭᠠᠭᠠᠬᠤ ᠬᠡᠷᠡᠭ ᠥᠬᠡᠶ᠂ ᠰᠦᠯᠵᠢᠶ᠎ᠠ ᠪᠠᠷ ᠭᠦᠢᠴᠡᠳᠭᠡᠬᠦ | ᠵᠡᠷᠭᠡ ᠠᠷᠭ᠎ᠠ ᠬᠡᠯᠪᠡᠷᠢ ᠶᠢ ᠠᠪᠴᠤ᠂ ᠢᠲᠡᠭᠡᠮᠵᠢᠲᠦ ᠪᠠᠯᠠ ᠬᠤᠷᠠᠮᠳᠤᠭᠤᠯᠭ᠎ᠠ ᠶᠢᠨ ᠵᠢᠭᠡᠯᠡᠯᠭᠡ ᠪᠠᠷ ᠲᠤᠰᠬᠠᠶᠢᠯᠠᠨ ᠳᠡᠮᠵᠢᠵᠦ ᠪᠠᠶᠢᠨ᠎ᠠ᠃ ᠲᠣᠰ | ᠢᠲᠡᠭᠡᠮᠵᠢᠲᠦ ᠵᠢᠭᠡᠯᠡᠯᠭᠡ ᠪᠦᠬᠦ ᠤᠷᠤᠨ ᠤ ᠡᠯ᠎ᠠ ᠲᠦᠷᠦᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 3.45% — 6% ᠢᠢᠨ | ᠬᠦᠦ ᠮᠦᠩᠬᠦ ᠶᠢᠨ ᠨᠤᠷᠮ᠎ᠠ ᠪᠠᠷ ᠵᠢᠭᠡᠯᠡᠯᠭᠡ ᠤᠯᠭᠤᠵᠤ᠂ ᠰᠢᠯᠢᠳᠡᠭ ᠰᠠᠶᠢᠨ ᠢᠳᠡᠬᠡᠮᠵᠢ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠵᠢᠭᠡᠯᠡᠯᠭᠡ ᠢᠢᠨ ᠬᠦᠦ ᠮᠦᠩᠬᠦ ᠶᠢᠨ ᠨᠤᠷᠮ᠎ᠠ ᠶᠢ 20% ᠰᠢᠬᠠᠮ ᠪᠠᠭᠤᠷᠠᠭᠤᠯᠵᠤ᠂ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ 500 | ᠲᠦᠮᠡᠨ ᠲᠦᠬᠦᠷᠢᠭ ᠬᠦᠷᠴᠦ ᠪᠠᠶᠢᠨ᠎ᠠ᠃ ᠵᠢᠭᠡᠯᠡᠯᠭᠡ ᠠᠪᠬᠤ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠵᠦ᠂ ᠵᠢᠭᠡᠯᠡᠯᠭᠡ ᠭᠤᠶᠤᠴᠢᠯᠠᠬᠤ᠂ | ᠭᠡᠷ᠎ᠡ ᠲᠤᠬᠲᠠᠬᠤ᠂ ᠵᠢᠬᠡᠯᠡᠯᠬᠡ ᠶᠢᠨ ᠮᠦᠩᠬᠦ ᠪᠠᠨ ᠭᠠᠷᠭᠠᠨ ᠠᠪᠴᠤ ᠬᠡᠷᠡᠭᠯᠡᠬᠦ ᠬᠦᠷᠳᠡᠯᠡᠬᠢ ᠡᠯ᠎ᠠ ᠭᠤᠬᠴᠤᠭ᠎ᠠ ᠶᠢᠨ ᠬᠢᠨᠠᠨ ᠵᠦᠪᠰᠢᠶᠡᠷᠡᠬᠦ ᠴᠠᠭ ᠨᠢ | ᠤᠤᠯ ᠤᠨ ᠲᠤᠬᠠᠢ ᠶᠢᠨ ᠲᠠᠯᠠᠪᠤᠷ ᠲᠤ ᠬᠦᠷᠴᠦ ᠭᠦᠢᠴᠡᠳᠭᠡᠬᠦ ᠳᠤ ᠨᠠᠭᠠᠳᠤ ᠵᠠᠬ᠎ᠠ ᠳᠠᠭᠠᠨ 3 — 5 ᠠᠵᠢᠯᠯᠠᠬᠤ ᠡᠳᠦᠷ ᠬᠡᠷᠡᠭᠰᠡᠵᠤ ᠪᠠᠶᠢᠬᠰᠠᠨ ᠠᠴᠠ | ᠤᠳᠤ ᠬᠠᠮᠤᠭ ᠤᠨ ᠬᠤᠷᠳᠤᠨ ᠳᠠᠭᠠᠨ ᠬᠠᠭᠠᠰᠬᠠᠨ ᠴᠠᠭ ᠤᠨ ᠲᠤᠳᠤᠷ᠎ᠠ ᠭᠦᠢᠴᠡᠳᠭᠡᠵᠤ ᠲᠠᠶᠢᠯᠬᠦ ᠪᠤᠯᠵᠠᠢ᠃ ︽ᠦᠪᠦᠷ ᠮᠤᠩᠭᠤᠯ ᠤᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾ ᠨᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠠᠬᠢ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠲᠤᠭ᠎ᠠ ᠪᠠᠷᠢᠮᠲᠠ ᠶᠢ ᠬᠥᠷᠥᠩᠭᠡ ᠮᠥᠩᠭᠦ ᠪᠣᠯᠭᠠᠨ ᠬᠤᠪᠢᠷᠠᠭᠤᠯᠵᠤ᠂ ᠪᠠᠷᠢᠴᠠᠭᠠᠨ ᠤ | ᠡᠳ᠋ ᠴᠥᠭᠡᠨ᠂ ᠬᠦᠦ ᠮᠥᠩᠭᠦ ᠶᠢᠨ ᠨᠣᠷᠮ᠎ᠠ ᠥᠨᠳᠥᠷ᠂ ᠭᠤᠶᠤᠴᠢᠯᠠᠬᠤ ᠶᠠᠪᠤᠴᠠ ᠶᠠᠷᠰᠢᠭ ᠲᠦᠪᠡᠭᠲᠡᠶ ᠵᠡᠷᠭᠡ ᠪᠠᠶᠢᠳᠠᠯ ᠠᠴᠠ ᠪᠣᠯᠤᠭᠰᠠᠨ ᠪᠠᠯᠠ | ᠬᠤᠷᠠᠮᠳᠤᠭᠤᠯᠬᠤ ᠬᠦᠴᠢᠷ ᠠᠰᠠᠭᠤᠳᠠᠯ ᠢ ᠤᠨᠤᠴᠠᠲᠠᠢ ᠰᠶᠢᠳᠪᠦᠷᠢᠯᠡᠵᠦ᠂ ᠢᠲᠡᠭᠡᠮᠵᠢᠲᠦ ᠵᠢᠭᠡᠯᠡᠯᠭᠡ ᠪᠠᠷ ᠬᠤᠪᠢ ᠶᠢᠨ ᠠᠵᠤ ᠠᠬᠤᠶ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠭᠰᠡᠨ ᠤ ᠬᠠᠮᠲᠤ᠂ ᠡᠵᠡᠩᠨᠡᠯᠲᠡ ᠢᠢᠨ ᠭᠤᠤᠯ ᠴᠣᠭᠴᠠ ᠶᠢ ᠭᠡᠳᠡᠷᠭᠦ ᠰᠢᠬᠠᠮᠳᠠᠭᠤᠯᠤᠨ ᠦᠨᠡᠨᠴᠢ | ᠢᠲᠡᠭᠡᠮᠵᠢᠲᠡᠶ ᠡᠵᠡᠩᠨᠡᠬᠦ᠂ ᠬᠠᠤᠯᠢ ᠲᠤᠬᠲᠠᠭᠠᠯ ᠢ ᠵᠢᠷᠤᠮᠯᠠᠨ ᠡᠵᠡᠩᠨᠡᠬᠦ ᠶᠢ ᠪᠡᠶᠡᠯᠡᠭᠦᠯᠪᠡ᠃ | |