ᠡᠮᠦᠨᠡᠬᠡᠨ ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠠᠪᠤᠷ ᠤᠨ | ᠲᠠᠷᠢᠶᠠᠯᠠᠩ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠥᠬᠦ ᠬᠤᠲᠠ ᠶᠢᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠪᠠᠬᠢᠵᠢᠭᠦᠯᠬᠦ ᠶᠢᠨ | ᠲᠥᠯᠥᠭᠡ᠂ ᠲᠣᠰ ᠬᠤᠲᠠ ᠡᠷᠲᠡᠬᠡᠨ ᠬᠥᠳᠡᠯᠦᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠣᠳᠣᠬᠠᠨ ᠳᠤ ᠲᠠᠷᠢᠶᠠᠯᠠᠩ ᠤᠨ ᠬᠡᠷᠡᠭᠰᠡᠯ ᠲᠠᠷᠢᠶᠠᠯᠠᠩ ᠤᠨ ᠮᠠᠰᠢᠨ ᠵᠡᠷᠭᠡ ᠶᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠤᠢ᠃ | ᠲᠠᠷᠢᠶᠠᠯᠠᠩ ᠤᠨ ᠬᠡᠷᠡᠭᠰᠡᠯ ᠢ ᠤᠷᠢᠳ ᠢᠶᠠᠷ ᠪᠡᠯᠡᠳᠭᠡᠵᠤ᠂ ᠡᠳ᠋ ᠪᠣᠳᠠᠰ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠡᠷᠲᠡ ᠨᠢᠭᠡᠳᠦᠯᠲᠡᠶ | ᠲᠥᠯᠥᠪᠯᠡᠨ ᠬᠢᠵᠠᠢ᠃ ᠲᠣᠰ ᠬᠤᠲᠠ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠲᠣᠬᠢᠷᠠᠭᠤᠯᠤᠯᠲᠠ ᠪᠠᠨ | ᠴᠢᠩᠭᠠᠳᠬᠠᠵᠤ᠂ ᠲᠠᠷᠢᠶᠠᠯᠠᠩ ᠤᠨ ᠬᠡᠷᠡᠭᠰᠡᠯ ᠬᠠᠩᠭᠠᠬᠤ ᠠᠵᠤ ᠠᠬᠤᠶᠢᠯᠠᠯ ᠬᠢᠭᠡᠳ ᠲᠠᠷᠢᠮᠠᠯ ᠤᠨ ᠡᠷᠦᠬᠡ ᠶᠢ ᠵᠣᠯᠭᠠᠭᠤᠯᠬᠤ ᠲᠠᠪᠴᠠᠩ ᠪᠠᠶᠢᠭᠤᠯᠵᠤ᠂ | ᠲᠠᠷᠢᠶᠠᠯᠠᠩ ᠤᠨ ᠬᠡᠷᠡᠭᠰᠡᠯ ᠢ ᠬᠡᠷᠡᠭᠯᠡᠵᠦ ᠳᠡᠶᠢᠯᠬᠦ᠂ ᠬᠠᠩᠭᠠᠵᠤ ᠳᠡᠶᠢᠯᠬᠦ ᠶᠢ ᠦᠨᠡᠨ ᠬᠦ ᠪᠠᠲᠤᠯᠠᠪᠠ᠃ ᠲᠠᠷᠢᠶᠠᠯᠠᠩ ᠤᠨ ᠬᠦᠳᠡᠯᠦᠩᠭᠦᠢ ᠪᠠᠶᠢᠳᠠᠯ ᠤᠨ | ᠲᠣᠬᠢᠷᠠᠭᠤᠯᠤᠯᠲᠠ ᠶᠢᠨ ᠳᠠᠯ᠎ᠠ ᠪᠠᠷ ᠤᠳᠤ ᠪᠣᠯᠲᠠᠯ᠎ᠠ᠂ ᠪᠥᠬᠦ ᠬᠤᠲᠠ ᠶᠢᠨ ᠬᠢᠮᠢ ᠶᠢᠨ ᠪᠣᠷᠲᠣᠭᠤᠷ ᠢ ᠨᠠᠶᠢᠳᠠᠪᠤᠷᠢᠵᠢᠭᠤᠯᠤᠭᠰᠠᠨ ᠨᠣᠷᠮ᠎ᠠ 46% ᠳᠤ | ᠬᠦᠷᠴᠦ᠂ ᠲᠠᠷᠢᠶᠠᠨ ᠦᠷ᠎ᠡ ᠶᠢ ᠨᠠᠶᠢᠳᠠᠪᠤᠷᠢᠵᠢᠭᠤᠯᠤᠭᠰᠠᠨ ᠨᠣᠷᠮ᠎ᠠ 76% ᠳᠤ ᠬᠦᠷᠴᠦ᠂ ᠲᠠᠷᠢᠶᠠᠨ ᠡᠮ ᠢ ᠨᠠᠶᠢᠳᠠᠪᠤᠷᠢᠵᠢᠭᠤᠯᠤᠭᠰᠠᠨ ᠨᠣᠷᠮ᠎ᠠ | 17% ᠳᠤ ᠬᠦᠷᠴᠦ᠂ ᠰᠦᠯᠢᠶᠣᠣ ᠪᠦᠷᠬᠦᠪᠴᠢ ᠶᠢ ᠨᠠᠶᠢᠳᠠᠪᠤᠷᠢᠵᠢᠭᠤᠯᠤᠭᠰᠠᠨ ᠨᠣᠷᠮ᠎ᠠ 48% ᠳᠤ ᠬᠦᠷᠴᠡᠶ᠃ | ᠲᠠᠷᠢᠶᠠᠯᠠᠩ ᠤᠨ ᠮᠠᠰᠢᠨ ᠳᠤ ᠪᠠᠲᠤᠯᠠᠭ᠎ᠠ ᠬᠠᠨᠭ᠍ᠭᠠᠵᠤ᠂ ᠪᠠᠶᠢᠴᠠᠭᠠᠨ ᠵᠠᠰᠠᠬᠤ ᠠᠷᠠᠴᠢᠯᠠᠨ ᠬᠠᠮᠠᠭᠠᠯᠠᠬᠤ ᠠᠵᠢᠯ ᠢ ᠡᠷᠲᠡᠬᠡᠨ ᠨᠠᠶᠢᠳᠠᠪᠤᠷᠢᠵᠢᠭᠤᠯᠪᠠ᠃ | ᠲᠣᠰ ᠬᠤᠲᠠ ᠶᠢᠨ ᠬᠠᠪᠤᠷ ᠤᠨ ᠲᠠᠷᠢᠶᠠᠯᠠᠭ᠎ᠠ ᠳᠤ 12.4 ᠲᠦᠮᠡᠨ ᠢᠵᠢ ᠲᠠᠷᠢᠶᠠᠯᠠᠩ ᠤᠨ ᠮᠠᠰᠢᠨ ᠪᠡᠯᠡᠳᠭᠡᠵᠤ᠂ ᠡᠨᠡ ᠨᠢ ᠬᠠᠪᠤᠷ ᠤᠨ ᠲᠠᠷᠢᠶᠠᠯᠠᠭ᠎ᠠ ᠶᠢᠨ | ᠬᠡᠷᠡᠭᠴᠡᠭᠡ ᠶᠢ ᠬᠠᠩᠭᠠᠵᠤ ᠳᠡᠶᠢᠯᠦᠨ᠎ᠡ︔ ᠨᠡᠶᠢᠲᠡ 7.46 ᠲᠦᠮᠡᠨ ᠮᠠᠰᠢᠨ ᠪᠠᠭᠠᠵᠢ ᠶᠢ ᠵᠠᠰᠠᠬᠤ ᠠᠷᠠᠴᠢᠯᠠᠬᠤ ᠴᠢᠬᠤᠯᠠᠲᠠᠢ ᠪᠠᠶᠢᠵᠤ᠂ ᠤᠳᠤ ᠪᠣᠯᠲᠠᠯ᠎ᠠ | 4.98 ᠲᠦᠮᠡᠨ ᠮᠠᠰᠢᠨ ᠪᠠᠭᠠᠵᠢ ᠶᠢ ᠵᠠᠰᠠᠵᠤ ᠠᠷᠠᠴᠢᠯᠠᠨ᠂ ᠵᠠᠰᠠᠵᠤ ᠠᠷᠠᠴᠢᠯᠠᠬᠰᠠᠨ ᠨᠣᠷᠮ᠎ᠠ 67% ᠳᠤ ᠬᠦᠷᠴᠡᠶ᠃ ᠪᠥᠬᠦ ᠬᠤᠲᠠ ᠶᠢᠨ ᠬᠠᠪᠤᠷ ᠤᠨ | ᠲᠠᠷᠢᠶᠠᠯᠠᠭ᠎ᠠ ᠳᠤ ᠦᠢᠯᠡᠴᠢᠯᠡᠵᠦ ᠪᠣᠯᠬᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠡᠶᠢᠲᠡ 232 ᠪᠠᠶᠢᠵᠤ᠂ 4424 | ᠰᠠᠤᠷᠢ ᠲᠠᠷᠢᠶᠠᠯᠠᠩ ᠤᠨ ᠮᠠᠰᠢᠨ ᠳᠤ ᠵᠠᠮᠴᠢᠯᠠᠭ᠎ᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠪᠡ᠃ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠵᠤ ᠪᠠᠶᠢᠴᠠᠭᠠᠬᠤ ᠠᠵᠢᠯ ᠢ ᠡᠷᠲᠡᠬᠡᠨ ᠬᠢᠪᠡ᠃ ᠤᠯᠠᠭᠠᠨᠴᠠᠪ ᠬᠤᠲᠠ ︽ᠪᠥᠬᠦ ᠬᠤᠲᠠ ᠶᠢᠨ | ᠲᠠᠷᠢᠶᠠᠯᠠᠩ ᠤᠨ ᠬᠡᠷᠡᠭᠰᠡᠯ ᠤᠨ ᠡᠵᠡᠩᠨᠡᠭᠴᠢ ᠪᠠ ᠮᠠᠯᠴᠢᠨ ᠲᠠᠷᠢᠶᠠᠴᠢᠨ ᠨᠠᠶᠢᠵᠠ ᠨᠠᠷ ᠲᠤ ᠥᠭᠭᠦ ᠵᠠᠬᠢᠳᠠᠯ︾ ᠢ ᠨᠡᠶᠢᠲᠡᠯᠡᠵᠦ᠂ ᠲᠤᠬᠠᠶ ᠶᠢᠨ ᠲᠠᠯᠠᠪᠠᠢ ᠳᠤ | ᠪᠠᠶᠢᠴᠠᠭᠠᠬᠤ᠂ ᠶᠠᠷᠢᠯᠴᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ᠂ ᠨᠢᠭᠤᠷᠲᠠᠨ | ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠬᠠᠤᠯᠢ ᠬᠡᠷᠡᠭᠵᠢᠭᠦᠯᠬᠦ ᠪᠠᠶᠢᠴᠠᠭᠠᠯᠲᠠ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ | ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢ ᠵᠢᠷᠤᠮᠵᠢᠭᠤᠯᠵᠤ᠂ ᠲᠠᠷᠢᠶᠠᠯᠠᠩ ᠤᠨ ᠬᠡᠷᠡᠭᠰᠡᠯ ᠤᠨ ᠬᠤᠳᠠᠯ ᠬᠠᠭᠤᠷᠮᠠᠭ ᠢ ᠢᠯᠭᠠᠨ ᠲᠠᠨᠢᠬᠤ ᠵᠢᠴᠢ ᠬᠠᠤᠯᠢ | ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠭᠰᠡᠨ ᠪᠠᠶᠢᠨ᠎ᠠ᠃ ᠬᠤᠲᠠ ᠶᠢᠨ ᠱᠠᠲᠤᠨ ᠠᠴᠠ ᠲᠠᠷᠢᠶᠠᠯᠠᠩ ᠤᠨ ᠬᠡᠷᠡᠭᠰᠡᠯ᠂ | ᠲᠠᠷᠢᠶᠠᠯᠠᠩ ᠤᠨ ᠮᠠᠰᠢᠨ ᠡᠵᠡᠩᠨᠡᠵᠦ ᠪᠠᠶᠢᠭ᠎ᠠ 22 ᠡᠷᠦᠬᠡ ᠶᠢ ᠪᠠᠶᠢᠴᠠᠭᠠᠵᠤ᠂ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 40 | ᠭᠠᠷᠤᠢ ︽ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ | ᠡᠪᠦᠯ ᠤᠨ ᠰᠡᠯᠡᠭᠦᠦ ᠴᠠᠭ ᠢ ᠠᠰᠢᠬᠯᠠᠨ᠂ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠢ ᠡᠷᠲᠡ ᠡᠬᠢᠯᠡᠭᠦᠯᠪᠡ᠃ ᠨᠢᠳᠤᠨᠤᠨ ᠤ 11 ᠰᠠᠷ᠎ᠠ ᠠᠴᠠ | ᠨᠠᠭᠠᠰᠢ᠂ ᠤᠯᠠᠭᠠᠨᠴᠠᠪ ᠬᠤᠲᠠ ᠶᠡᠭᠡ ᠳᠡᠭᠡᠳᠦ ᠰᠤᠷᠭᠠᠭᠤᠯᠢ ᠶᠢᠨ ᠡᠷᠳᠡᠮᠲᠡᠨ᠂ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠲᠠᠷᠢᠶᠠᠯᠠᠩ ᠤᠨ ᠮᠡᠷᠭᠡᠵᠢᠯ | ᠳᠡᠯᠭᠡᠷᠡᠭᠦᠯᠦᠭᠴᠢ᠂ ᠲᠣᠰ ᠭᠠᠵᠠᠷ ᠤᠨ ᠮᠠᠯ ᠠᠵᠤ ᠠᠬᠤᠶ ᠲᠠᠷᠢᠶᠠᠯᠠᠩ ᠤᠨ ᠬᠦᠷᠢᠶᠡᠨ ᠳᠠᠬᠢ ᠨᠤᠲᠤᠭ ᠤᠨ ᠲᠤᠰᠬᠠᠶ ᠮᠡᠷᠭᠡᠵᠢᠯᠲᠡᠨ ᠵᠡᠷᠭᠡ | ᠮᠡᠷᠭᠡᠵᠢᠯᠲᠡᠳ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠮᠤ ᠪᠤᠳᠠᠭᠠᠨ ᠤ ᠲᠠᠷᠢᠮᠠᠯ ᠲᠣᠰᠣᠯᠢᠭ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ | ᠨᠡᠮᠡᠭᠳᠡᠭᠦᠯᠬᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠲᠦᠬᠦᠭᠡᠷᠦᠮᠵᠢᠲᠦ ᠲᠠᠷᠢᠶᠠᠯᠠᠩ᠂ ᠰᠢᠨᠵᠢᠯᠡᠬᠦ ᠤᠬᠠᠭᠠᠨᠴᠢ ᠪᠠᠷ | ᠪᠣᠷᠲᠣᠭᠤᠷ ᠣᠷᠣᠭᠤᠯᠬᠤ᠂ ᠭᠡᠮ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠡᠷᠭᠡ ᠪᠠᠷ ᠭᠤᠤᠯᠳᠠᠭᠤᠯᠤᠨ᠂ ︽ᠰᠦᠯᠵᠢᠶᠡᠨ ᠳᠡᠭᠡᠷᠡᠬᠢ ᠵᠢᠭᠠᠨ | ᠰᠤᠷᠭᠠᠯᠲᠠ + ᠣᠨᠣᠯ ᠤᠨ ᠵᠢᠭᠠᠨ ᠰᠤᠷᠭᠠᠯᠲᠠ + ᠦᠢᠯᠡᠳᠦᠯᠭᠡ ᠶᠢᠨ ᠪᠣᠯᠪᠠᠰᠤᠷᠠᠯ︾ ᠬᠢᠵᠦ᠂ ᠲᠠᠷᠢᠶᠠᠴᠢᠨ ᠤ ᠲᠠᠷᠢᠶᠠᠯᠠᠬᠤ ᠮᠡᠷᠭᠡᠵᠢᠯ ᠪᠠ | ᠡᠵᠡᠩᠨᠡᠯᠲᠡ ᠶᠢᠨ ᠬᠢᠷᠢ ᠲᠦᠪᠰᠢᠨ ᠢ ᠣᠯᠠᠨ ᠲᠠᠯ᠎ᠠ ᠪᠠᠷ ᠳᠡᠭᠡᠭᠰᠢᠯᠡᠭᠦᠯᠪᠡ᠃ ᠤᠳᠤ ᠪᠣᠯᠲᠠᠯ᠎ᠠ ᠲᠣᠰ ᠬᠤᠲᠠ 676 ᠬᠥᠮᠦᠨ ᠤᠳᠠᠭ᠎ᠠ ᠶᠢᠨ ᠲᠤᠰᠬᠠᠶ | ᠮᠡᠷᠭᠡᠵᠢᠯᠲᠡᠨ ᠢ ᠤᠷᠢᠵᠤ᠂ ᠮᠠᠯᠴᠢᠨ ᠲᠠᠷᠢᠶᠠᠴᠢᠨ ᠢ 4215 ᠬᠥᠮᠦᠨ ᠤᠳᠠᠭ᠎ᠠ ᠪᠣᠯᠪᠠᠰᠤᠷᠠᠭᠤᠯᠪᠠ᠃ | |