ᠤᠷᠠᠳ ᠤᠨ ᠡᠮᠦᠨᠡᠲᠦ ᠬᠤᠰᠢᠭᠤ ᠣᠶ ᠰᠢᠭᠤᠶ ᠡᠪᠡᠰᠦ ᠪᠡᠯᠴᠢᠭᠡᠷ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/4
     3 ᠰᠠᠷ᠎ᠠ ᠶᠢᠨ 3 ᠤ ᠡᠳᠦᠷ᠂ ᠤᠷᠠᠳ ᠤᠨ ᠡᠮᠦᠨᠡᠲᠦ ᠬᠤᠰᠢᠭᠤ ᠣᠶ ᠰᠢᠭᠤᠶ ᠡᠪᠡᠰᠦ ᠪᠡᠯᠴᠢᠭᠡᠷ ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ  ᠪᠠᠶᠠᠨᠪᠢᠯᠢᠭ᠌ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢᠨ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠮᠦᠨ ᠴᠣ᠋ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠢᠯ ᠪᠣᠯᠤᠨ᠎ᠠ᠃ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ  ᠪᠠᠷᠢᠮᠲᠠᠯᠠᠬᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ᠂ ᠣᠶ ᠰᠢᠭᠤᠶ ᠡᠪᠡᠰᠦ ᠪᠡᠯᠴᠢᠭᠡᠷ ᠤᠨ ᠭᠠᠮᠰᠢᠭ ᠢ ᠴᠢᠩᠭ᠎ᠠ ᠡᠵᠡᠮᠳᠡᠬᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠮᠠᠨ ᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠨᠠᠩ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠬᠡᠪᠡ     ᠬᠤᠷᠠᠯ ᠠᠴᠠ ᠪᠠᠰᠠ 2025 ᠣᠨ ᠤ ᠣᠶ ᠰᠢᠭᠤᠢ ᠡᠪᠡᠰᠦ ᠪᠡᠯᠴᠢᠭᠡᠷ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ