ᠪᠦᠬᠦ ᠣᠷᠣᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠡᠨᠡ ᠬᠠᠪᠤᠷ ᠤᠨ ᠦᠪᠡᠳᠡᠭᠰᠢ ᠬᠤᠷᠠᠯ ᠳᠤ ᠣᠷᠣᠯᠴᠠᠬᠤ ᠪᠤᠯᠤᠯ᠎ᠠ᠃ | 3 ᠰᠠᠷ᠎ᠠ ᠶᠢᠨ 3 ᠤ ᠡᠳᠦᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠳᠤ ᠣᠷᠣᠯᠴᠠᠬᠤ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠡᠭᠡᠵᠢᠩ ᠳᠤ ᠬᠦᠷᠪᠡ᠃ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠥᠨ ᠴᠦ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠯᠡᠬᠦ ᠵᠢᠯ ᠪᠣᠯᠤᠨ᠎ᠠ᠃ ᠪᠡᠭᠡᠵᠢᠩ ᠳᠤ ᠬᠥᠷᠬᠦ ᠠᠴᠠ ᠡᠮᠦᠨ᠎ᠡ᠂ ᠭᠡᠰᠢᠭᠦᠳ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠦᠲᠦᠮᠵᠢᠲᠡᠶ ᠠᠬᠢᠭᠤᠯᠬᠤ ᠵᠡᠷᠭᠡ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠣᠯᠤᠨ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠠᠨᠠᠯ | ᠳᠤᠷᠠᠳᠤᠯᠭ᠎ᠠ ᠪᠠ ᠬᠡᠯᠡᠬᠦ ᠦᠬᠡ ᠵᠡᠷᠭᠡ ᠪᠠᠨ ᠨᠠᠷᠢᠨ ᠨᠢᠮᠪᠠᠶ ᠪᠡᠯᠡᠳᠭᠡᠵᠦ᠂ ᠪᠥᠬᠦ ᠣᠷᠣᠨ ᠤ ᠠᠷᠠᠳ ᠲᠦᠮᠡᠨ ᠤ ᠰᠡᠳᠭᠢᠯ ᠤᠨ ᠲᠠᠭᠤᠨ ᠢ ᠬᠤᠷᠠᠯ ᠳᠤ | ᠳᠠᠮᠵᠢᠭᠤᠯᠬᠤ ᠪᠠᠷ ᠴᠢᠷᠮᠠᠶᠢᠪᠠ᠃ | ︽ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠬᠤ ᠠᠶᠠᠨ ᠳᠤ ᠳᠠᠬᠢᠨᠲᠠ ᠮᠣᠷᠳᠠᠬᠤ ᠪᠠᠷ ᠰᠡᠳᠭᠢᠯ ᠳᠣᠭᠳᠣᠯᠤᠨ ᠬᠦᠰᠡᠨ ᠬᠦᠯᠢᠶᠡᠵᠦ ᠪᠠᠶᠢᠨ᠎ᠠ︾ | ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠡᠷᠬᠢᠯᠡᠭᠴᠢ ᠭᠡᠰᠢᠭᠦᠨ ᠼᠤᠤ ᠶᠢᠨ ᠱᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠤᠰᠬᠠᠢ ᠮᠡᠷᠭᠡᠵᠢᠯ ᠤᠨ | ᠳᠠᠪᠠᠭᠤᠯᠢᠭ ᠲᠠᠭᠠᠨ ᠰᠠᠭᠤᠷᠢᠯᠠᠨ᠂ ᠭᠤᠣᠯ ᠶᠡᠭᠡ ᠲᠠᠯ᠎ᠠ ᠶᠢ ᠴᠢᠩᠭ᠎ᠠ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠎ᠡ | ᠭᠡᠵᠦ ᠬᠡᠯᠡᠪᠡ᠃ | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ ᠰᠢᠤᠢ ᠷᠦᠢ ᠰᠢᠶᠠ ᠡᠨᠡ ᠵᠢᠯ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ᠂ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ᠂ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠵᠡᠷᠭᠡ ᠠᠰᠠᠭᠤᠳᠠᠯ ᠢ | ᠭᠤᠤᠯᠳᠠᠯᠭ᠎ᠠ ᠲᠠᠢ ᠠᠩᠬᠠᠷᠴᠤ᠂ ︽ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ | ᠬᠤᠪᠢ ᠳᠤ᠂ ᠪᠢ ᠵᠠᠪᠠᠯ ︿ᠤᠯᠤᠰ ᠤᠨ ᠶᠡᠭᠡ ᠶᠠᠪᠤᠳᠠᠯ﹀ ᠢ ᠰᠡᠳᠭᠢᠯ ᠳᠡᠭᠡᠨ ᠪᠤᠳᠤᠵᠤ᠂ ︿ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ﹀ ᠳᠤ | ᠠᠩᠬᠠᠷᠤᠯ ᠢᠶᠠᠨ ᠲᠦᠪᠯᠡᠷᠡᠬᠦᠯᠵᠦ᠂ ᠥᠪᠥᠷ ᠮᠣᠩᠭᠤᠯ ᠤᠨ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ | ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ ᠰᠠᠶᠢᠲᠠᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ︾ ᠭᠡᠪᠡ᠃ | ᠭᠡᠰᠢᠭᠦᠳ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠭᠢᠯᠭᠡ ᠪᠠ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ | ᠪᠣᠳᠠᠲᠠᠢ ᠶᠢ ᠡᠷᠬᠢᠮᠯᠡᠬᠰᠡᠨ ᠠᠷᠭ᠎ᠠ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠬᠥᠭᠵᠢᠯᠲᠡ ᠶᠢᠨ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠵᠦ᠂ | ᠪᠦᠬᠦ ᠣᠷᠣᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠦᠯᠦ ᠬᠥᠰᠡᠷᠳᠡᠭᠦᠯᠦᠨ᠂ ᠴᠠᠭ ᠦᠶ᠎ᠡ ᠶᠢᠨ ᠰᠢᠨ᠎ᠡ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ |