ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠬᠦᠴᠦᠷᠬᠡᠭ ᠶᠡᠭᠡ ᠬᠠᠮᠲᠤᠷᠠᠯ ᠬᠦᠴᠦᠨ ᠢ ᠬᠤᠷᠠᠮᠳᠤᠭᠤᠯᠰᠤᠭᠠᠢ
ᠨᠡᠶᠢᠲᠡᠯᠡᠭᠰᠡᠨ ᠴᠠᠭ᠄
2025/3/5
    — ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ    ᠤᠷᠢᠬᠠᠨ ᠬᠠᠪᠤᠷ ᠤᠨ ᠰᠠᠶᠢᠬᠠᠨ ᠤᠯᠠᠷᠢᠯ ᠳᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠵᠦ᠂ 34 ᠡᠲᠡᠭᠡᠳ ᠢᠯᠭᠠᠯ ᠤᠨ 2100 ᠭᠠᠷᠤᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠡᠶᠢᠰᠯᠡᠯ ᠳᠤ ᠴᠤᠭᠯᠠᠷᠠᠵᠤ᠂ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠬᠦ ᠪᠤᠯᠤᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕    2024 ᠣᠨ ᠪᠣᠯ ᠮᠠᠰᠢ ᠶᠡᠷᠦ ᠪᠤᠰᠤ ᠶᠢᠨ ᠪᠠᠶᠢᠵᠦ᠂ ᠰᠠᠯᠬᠢ ᠪᠣᠷᠣᠭᠠᠨ ᠳᠠᠪᠬᠤᠴᠠᠭᠰᠠᠨ ᠰᠢᠯᠭᠠᠯᠲᠠ ᠲᠠᠢ ᠮᠦᠷᠳᠡᠭᠡᠨ ᠨᠡᠩ ᠴᠤ ᠰᠠᠯᠬᠢ ᠪᠣᠷᠣᠭᠠᠨ ᠢ ᠰᠦᠷᠦᠨ ᠤᠷᠤᠭᠰᠢᠯᠠᠭᠰᠠᠨ ᠲᠡᠮᠡᠴᠡᠯ ᠲᠠᠢ ᠶᠤᠮ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠳᠠ ᠶᠢ ᠥᠷᠭᠡᠳᠭᠡᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠪᠦᠭᠡᠳ ᠬᠦᠴᠦᠨ ᠲᠠᠢ ᠪᠤᠯᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠮᠠᠨ ᠤ ᠤᠯᠤᠰ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠪᠣᠯ ᠬᠢᠯᠪᠠᠷ ᠪᠤᠰᠤ ᠪᠠᠷ ᠢᠷᠡᠵᠦ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠯᠢᠪᠠ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠤᠨ᠎ᠡ ᠭᠡᠳᠡᠭ ᠢ ᠬᠦᠢᠴᠡᠳ ᠭᠡᠷᠡᠴᠢᠯᠡᠵᠡᠢ᠃ 14 ᠳ᠋ᠦᠩᠰᠢᠭᠤᠷ ᠭᠠᠷᠤᠢ ᠠᠷᠠᠳ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠨᠢᠬᠳᠠᠷᠠᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠳᠠᠭ ᠯᠠ ᠶᠤᠮ ᠪᠣᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠶᠠᠯᠠᠯ ᠤᠨ ᠬᠥᠯᠭᠡ ᠣᠩᠭᠤᠴᠠ ᠯᠠᠪᠲᠠᠢ ᠰᠠᠯᠬᠢ ᠳᠠᠪᠠᠯᠭᠠᠨ ᠢ ᠰᠦᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃    ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠡᠬᠡ ᠣᠷᠣᠨ ᠲᠠᠢ ᠪᠠᠨ ᠬᠠᠮᠲᠤ ᠪᠠᠷ ᠡᠷᠡᠮᠡᠬᠡᠶᠢᠯᠡᠨ ᠤᠷᠤᠭᠰᠢᠯᠠᠵᠤ᠂ 75 ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠦᠭᠰᠡᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠦᠭᠡᠢ ᠢᠯᠡᠷᠡᠭᠦᠯᠪᠡ᠃ ᠥᠩᠭᠡᠷᠡᠭᠰᠡᠨ ᠨᠢᠭᠡ ᠵᠢᠯ ᠳᠤ ︽ᠤᠯᠤᠰ ᠤᠨ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠤᠨ ᠡᠯ᠎ᠡ ᠲᠦᠷᠦᠯ ᠤᠨ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠠᠴᠠ 6000 ᠭᠠᠷᠤᠢ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠠᠷᠠᠳ ᠤᠨ ᠲᠥᠯᠥᠭᠡ ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠦᠷᠲᠡᠯ᠎ᠡ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠦ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨᠴᠢ᠂ ᠪᠦᠲᠦᠮᠵᠢᠲᠡᠢ᠂ ᠲᠤᠰᠠᠲᠠᠢ ᠪᠠᠶᠢᠭᠤᠯᠤᠯ ᠤᠨ ᠲᠣᠬᠢᠷᠠᠭᠤᠯᠤᠯᠲᠠ ᠪᠠᠶᠢᠵᠤ᠂ ᠭᠦᠨ ᠵᠤᠵᠠᠭᠠᠨ ᠰᠣᠶᠣᠯ ᠤᠨ ᠰᠠᠭᠤᠷᠢ᠂ ᠤᠨᠤᠯ ᠤᠨ ᠰᠠᠭᠤᠷᠢ᠂ ᠦᠢᠯᠡᠳᠦᠯᠭᠡ ᠶᠢᠨ ᠰᠠᠭᠤᠷᠢ ᠲᠠᠢ ᠪᠠᠶᠢᠵᠤ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠲᠤᠪᠤᠶᠢᠮ᠎ᠠ ᠤᠯᠤᠰ ᠲᠦᠷᠦ ᠶᠢᠨ ᠳᠠᠪᠠᠭᠤᠯᠢᠭ ᠲᠠᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ᠃    ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠴᠡᠯᠮᠡᠭ ᠲᠤᠩᠭᠠᠯᠠᠭ ᠡᠳᠦᠷ ᠪᠠᠶᠢᠬᠤ ᠪᠠᠷ ᠪᠠᠷᠠᠬᠤ ᠦᠭᠡᠢ ᠪᠠᠰᠠ ᠲᠤᠬᠰᠢᠨ ᠰᠠᠯᠬᠢ ᠰᠢᠷᠦᠭᠦᠨ ᠪᠣᠷᠣᠭᠠᠨ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠴᠦ ᠪᠠᠶᠢᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠣᠳᠣᠬᠠᠨ ᠳᠤ᠂ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠲᠠᠰᠤᠷᠠᠯᠲᠠ ᠦᠭᠡᠢ ᠥᠷᠭᠡᠵᠢᠨ ᠭᠦᠨᠵᠡᠭᠡᠶᠢᠷᠡᠵᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠤᠷᠢᠳᠤ ᠡᠮᠦᠨ᠎ᠡ ᠪᠠᠶᠢᠭ᠎ᠠ ᠦᠭᠡᠢ ᠬᠦᠨᠳᠦ ᠪᠡᠷᠬᠡ ᠪᠠᠶᠢᠵᠤ᠂ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠮᠦᠷᠦᠨ ᠳᠤ ᠲᠠᠯᠪᠢᠭᠠᠰᠤᠲᠠᠢ᠃ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠪᠤᠶᠢᠮ᠎ᠠ ᠤᠯᠤᠰ ᠲᠥᠷᠥ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠡ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠪᠡᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠥᠷᠭᠡᠨ ᠳᠡᠯᠭᠡᠷ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃    ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠬᠤᠷᠠᠮᠳᠤᠭᠤᠯᠬᠤ ᠶᠢᠨ ᠵᠠᠩᠭᠢᠯᠠᠭ᠎ᠠ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠬᠤ ᠳᠤ ᠪᠤᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ  ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠡᠨᠡ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠦᠢᠯᠡᠳᠦᠯ ᠢᠶᠠᠨ ᠪᠠᠳᠠᠷᠠᠭᠤᠯᠬᠤ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠬᠤᠷᠠᠭᠰᠠᠨ ᠳᠠᠪᠠᠭᠤᠯᠢᠭ ᠲᠠᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯ ᠨᠠᠮ ᠪᠠ ᠵᠠᠰᠠᠭ ᠤᠨ ᠣᠷᠳᠣᠨ ᠤ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠣᠷᠣᠨ ᠤ ᠪᠠᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠠᠶᠢᠷ᠎ᠠ ᠰᠡᠳᠭᠢᠯᠭᠡ ᠶᠢ ᠡᠪᠦᠷᠯᠡᠨ᠂ ᠠᠵᠢᠯ ᠦᠢᠯᠡᠰ ᠢᠶᠠᠨ ᠰᠡᠳᠭᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠮᠥᠷᠥᠨ ᠳᠡᠭᠡᠨ ᠡᠭᠦᠷᠭᠡᠯᠡᠨ᠂ ᠤᠬᠠᠮᠰᠠᠷ ᠠᠴᠠ ᠪᠠᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ᠂ ᠵᠥᠪᠯᠡᠬᠦ ᠠᠷᠠᠳᠴᠢᠯᠠᠯ᠂ ᠤᠯᠤᠰ ᠤᠨ ᠵᠠᠰᠠᠯᠲᠠ ᠶᠢᠨ ᠡᠮᠦᠨ᠎ᠡ ᠹᠷᠣᠨᠲ ᠤᠨ ᠪᠣᠳᠠᠲᠠᠶ ᠦᠢᠯᠡᠳᠦᠯᠭᠡ ᠳᠤ ᠣᠷᠣᠯᠴᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠲᠠᠢ ᠨᠢᠭᠲᠠ ᠤᠶᠠᠯᠳᠤᠭᠤᠯᠤᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠲᠥᠷᠥ ᠶᠢᠨ ᠶᠠᠪᠤᠳᠠᠯ ᠢ ᠵᠥᠪᠯᠡᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠤᠳᠤᠯᠭ᠎ᠠ ᠳᠡᠪᠰᠢᠬᠦᠯᠵᠦ᠂ ᠪᠣᠳᠠᠲᠠᠶ ᠠᠷᠭ᠎ᠠ ᠬᠡᠮᠵᠢᠶ᠎ᠡ ᠭᠠᠷᠭᠠᠬᠤ ᠶᠢ ᠬᠦᠰᠡᠵᠦ ᠪᠠᠶᠢᠨ᠎ᠠ᠃    ᠵᠣᠷᠢᠭ ᠨᠢᠬᠡᠳᠦᠨ ᠮᠢᠩᠭᠠᠨ ᠪᠠᠷᠳᠠᠭ᠎ᠠ ᠶᠢ ᠲᠤᠭᠤᠯᠵᠦ᠂ ᠰᠡᠳᠭᠢᠯ ᠨᠢᠬᠳᠠᠷᠠᠨ ᠲᠦᠮᠡᠨ ᠪᠣᠭᠤᠮᠲᠠ ᠶᠢ ᠲᠠᠪᠠᠨ᠎ᠠ᠃ ᠤᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠠᠭ ᠪᠦᠬᠦ ᠲᠠᠯ᠎ᠠ ᠪᠠᠷ ᠠᠬᠢᠵᠦ᠂ ᠳᠤᠮᠳᠠᠳᠤ ᠶᠢᠨ ᠦᠨᠳᠦᠰᠦᠲᠡᠨ ᠬᠤᠷᠢᠬᠯᠠᠬᠳᠠᠰᠢ ᠦᠭᠡᠢ ᠠᠯᠬᠤᠭ᠎ᠠ ᠪᠠᠷ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ ᠴᠠᠭ ᠦᠶ᠎ᠡ ᠠᠴᠠ ᠴᠡᠭᠡᠵᠢ ᠳᠡᠶᠢᠢᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠢᠭᠡ ᠰᠡᠳᠭᠢᠯ ᠨᠢᠭᠡ ᠵᠣᠷᠢᠭ ᠢᠶᠠᠷ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠲᠠᠰᠤᠷᠠᠯᠲᠠ ᠥᠬᠡᠶ ᠠᠬᠢᠭᠤᠯᠰᠤᠭᠠᠢ᠃   ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠵᠥᠩᠨᠡᠶ᠎ᠡ︕      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 3 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ