ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠬᠤᠷᠠᠯ ᠤᠨ ᠬᠤᠭᠤᠴᠠᠭ᠎ᠠ ᠪᠠ ᠵᠥᠪᠯᠡᠬᠦ ᠵᠦᠢᠯ ᠳᠤᠭᠳᠠᠪᠠ
ᠨᠡᠶᠢᠲᠡᠯᠡᠭᠰᠡᠨ ᠴᠠᠭ᠄
2025/3/5
     ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ 3 ᠤ ᠡᠳᠦᠷ ᠤᠨ 15 ᠴᠠᠭ ᠲᠤ ᠡᠬᠢᠯᠡᠵᠦ᠂ ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠲᠣᠰ ᠤᠳᠠᠭᠠᠨ ᠤ ᠶᠡᠭᠡ ᠬᠤᠷᠠᠯ ᠤᠨ ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃    ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ 6 ᠡᠳᠦᠷ ᠶᠠᠪᠤᠭᠳᠠᠨ᠎ᠠᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠶᠢᠨ ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ 3 ᠰᠠᠷ᠎ᠠ ᠶᠢᠨ 4 ᠤ ᠦᠳᠡ ᠶᠢᠨ ᠬᠤᠶᠢᠨᠠᠬᠢ 3 ᠴᠠᠭ ᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠵᠦ᠂ 3 ᠰᠠᠷ᠎ᠠ ᠶᠢᠨ 10 ᠤ ᠦᠳᠡ ᠶᠢᠨ ᠡᠮᠦᠨ᠎ᠡ ᠲᠡᠭᠦᠰᠦᠨ᠎ᠡ᠂ ᠬᠤᠷᠠᠯ ᠤᠨ ᠬᠤᠭᠤᠴᠠᠭ᠎ᠠ ᠨᠢ 6 ᠡᠳᠦᠷ ᠪᠣᠯᠣᠨ᠎ᠠ᠃ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠦᠪᠯᠡᠬᠦ ᠵᠦᠢᠯ     ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠶᠢᠨ ᠳᠠᠨᠢᠯᠴᠠᠭᠤᠯᠤᠭᠰᠠᠨ ᠢᠶᠠᠷ᠂ ᠶᠡᠭᠡ ᠬᠤᠷᠠᠯ ᠤᠨ ᠭᠤᠣᠯ ᠵᠥᠪᠯᠡᠬᠦ ᠵᠦᠢᠯ ᠪᠣᠯ᠄ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠪᠤᠰᠤᠳ ᠬᠤᠯᠪᠣᠭᠳᠠᠯ ᠪᠦᠬᠦᠢ ᠮᠡᠳᠡᠬᠦᠯᠦᠯᠳᠡ ᠶᠢ ᠰᠣᠨᠣᠰᠴᠤ ᠶᠠᠷᠢᠯᠴᠠᠨ᠎ᠠ︔ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠦᠷᠦ ᠶᠢᠨ ᠰᠶᠢᠳᠪᠦᠷᠢ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠡ ᠶᠢᠨ ᠲᠤᠬᠠᠢ ᠰᠶᠢᠳᠪᠦᠷᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠶᠢᠳᠪᠦᠷᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠨ᠎ᠠ᠃    ᠲᠤᠰ ᠤᠳᠠᠭ᠎ᠠ ᠶᠢᠨ ᠤᠯᠤᠰ ᠲᠦᠷᠦ ᠶᠢᠨ ᠵᠥᠪᠯᠡᠯᠭᠡᠨ ᠤ ᠶᠡᠭᠡ ᠬᠤᠷᠠᠯ ᠳᠤ ᠡᠬᠢᠯᠡᠯᠲᠡ ᠶᠢᠨ ᠬᠤᠷᠠᠯ᠂ ᠲᠡᠭᠦᠰᠭᠡᠯ ᠤᠨ ᠬᠤᠷᠠᠯ ᠵᠢᠴᠢ 2 ᠤᠳᠠᠭ᠎ᠠ ᠶᠡᠭᠡ ᠬᠤᠷᠠᠯ ᠳᠡᠭᠡᠷ᠎ᠡ ᠦᠬᠡ ᠬᠡᠯᠡᠬᠦ ᠠᠵᠢᠯᠯᠠᠭ᠎ᠠ ᠲᠣᠬᠢᠷᠠᠭᠤᠯᠤᠨ᠎ᠠ    ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠶᠢᠨ ᠲᠠᠨᠢᠯᠴᠠᠭᠤᠯᠤᠭᠰᠠᠨ ᠢᠶᠠᠷ᠂ ᠶᠡᠭᠡ ᠬᠤᠷᠠᠯ ᠤᠨ ᠬᠤᠭᠤᠴᠠᠭᠠᠨ ᠳᠤ᠂ ᠡᠬᠢᠯᠡᠯᠳᠡ ᠶᠢᠨ ᠬᠤᠷᠠᠯ᠂ ᠲᠡᠭᠦᠰᠭᠡᠯ ᠤᠨ ᠬᠤᠷᠠᠯ ᠵᠢᠴᠢ 2 ᠤᠳᠠᠭ᠎ᠠ ᠶᠡᠭᠡ ᠬᠤᠷᠠᠯ ᠳᠡᠭᠡᠷ᠎ᠡ ᠦᠬᠡ ᠬᠡᠯᠡᠬᠦ ᠠᠵᠢᠯᠯᠠᠭ᠎ᠠ ᠲᠣᠬᠢᠷᠠᠭᠤᠯᠤᠨ᠎ᠠ︔ ᠭᠡᠰᠢᠭᠦᠳ ᠤᠨ ᠰᠠᠭᠤᠭ᠎ᠠ ᠭᠠᠵᠠᠷ ᠲᠤ ᠡᠲᠡᠭᠡᠳ ᠢᠯᠭᠠᠯ ᠤᠨ ᠳᠤᠭᠤᠶᠢᠯᠠᠩ ᠤᠨ ᠬᠤᠷᠠᠯᠳᠤᠭᠠᠨ ᠢ ᠤᠯᠠᠨ ᠤᠳᠠᠭ᠎ᠠ ᠬᠤᠷᠠᠯᠳᠤᠭᠤᠯᠵᠤ᠂ ᠬᠡᠰᠡᠭ ᠡᠲᠡᠭᠡᠳ ᠢᠯᠭᠠᠯ ᠳᠤ ᠪᠠᠰᠠ ᠡᠲᠡᠭᠡᠳ ᠢᠯᠭᠠᠯ ᠤᠨ ᠵᠥᠪᠳᠡᠯᠴᠡᠬᠦ ᠬᠤᠷᠠᠯᠳᠤᠭᠠᠨ ᠢ ᠬᠤᠷᠠᠯᠳᠤᠭᠤᠯᠦᠨ᠎ᠡ᠃ ᠡᠬᠢᠯᠡᠯᠲᠡ ᠶᠢᠨ ᠬᠤᠷᠠᠯ᠂ ᠲᠡᠭᠦᠰᠬᠡᠯ ᠤᠨ ᠬᠤᠷᠠᠯ ᠳᠤ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠢ ᠤᠷᠢᠵᠤ ᠰᠤᠯᠠ ᠰᠣᠨᠣᠰᠤᠭᠤᠯᠤᠨ᠎ᠠ᠃ᠤᠯᠤᠰ ᠲᠥᠷᠥ ᠶᠢᠨ ᠵᠥᠪᠯᠡᠯᠭᠡᠨ ᠤ ᠶᠡᠭᠡ ᠬᠤᠷᠠᠯ 3 ᠲᠠᠯᠠᠪᠠᠢ ︽ᠭᠡᠰᠢᠭᠦᠳ ᠤᠨ ᠰᠤᠷᠪᠤᠯᠵᠢᠯᠠᠭ᠎ᠠ ᠬᠦᠯᠢᠶᠡᠬᠦ ᠵᠠᠮ︾ ᠨᠡᠬᠡᠬᠡᠨ᠎ᠡ     ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠶᠢᠨ ᠲᠠᠨᠢᠯᠴᠠᠭᠤᠯᠤᠭᠰᠠᠨ ᠢᠶᠠᠷ᠂ ᠡᠨᠡ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠭᠠᠳᠠᠨ᠎ᠠ᠂ ᠶᠡᠭᠡ ᠬᠤᠷᠠᠯ ᠠᠴᠠ ᠪᠠᠰᠠ 3 ᠲᠠᠯᠠᠪᠠᠢ ︽ᠭᠡᠰᠢᠭᠦᠳ ᠤᠨ ᠰᠤᠷᠪᠤᠯᠵᠢᠯᠠᠭ᠎ᠠ ᠬᠦᠯᠢᠶᠡᠬᠦ ᠵᠠᠮ︾ ᠨᠡᠬᠡᠬᠡᠨ᠎ᠡ᠃ ᠡᠯ᠎ᠡ ᠭᠡᠰᠢᠭᠦᠳ ᠤᠨ ᠰᠠᠭᠤᠭ᠎ᠠ ᠭᠠᠵᠠᠷ ᠲᠤ ᠴᠥᠮ ᠰᠤᠷᠪᠤᠯᠵᠢᠯᠠᠭ᠎ᠠ ᠬᠦᠯᠢᠶᠡᠬᠦ ᠲᠠᠰᠤᠯᠭ᠎ᠠ ᠭᠠᠷᠭᠠᠵᠠᠢ᠃ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠰᠣᠨᠢᠨ ᠮᠡᠳᠡᠭᠡᠨ ᠤ ᠳᠤᠭᠤᠶᠢᠯᠠᠩ᠂ ᠰᠠᠭᠤᠭ᠎ᠠ ᠭᠠᠵᠠᠷ ᠤᠨ ᠰᠣᠨᠢᠨ ᠮᠡᠳᠡᠭᠡᠨ ᠤ ᠬᠠᠷᠢᠯᠴᠠᠭᠴᠢ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠨᠠᠶᠢᠵᠠ ᠨᠠᠷ ᠤᠨ ᠰᠣᠷᠪᠤᠯᠵᠢᠯᠠᠭ᠎ᠠ ᠠᠪᠬᠤ ᠳᠤ ᠢᠳᠡᠪᠬᠢᠲᠡᠢ ᠦᠢᠯᠡᠴᠢᠯᠡᠭᠡ ᠬᠠᠩᠭᠠᠬᠤ ᠪᠣᠯᠣᠨ᠎ᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠰᠦᠯᠵᠢᠶ᠎ᠡ ᠶᠢᠨ ᠰᠣᠨᠢᠨ ᠮᠡᠳᠡᠭᠡᠨ ᠤ ᠲᠥᠪ ᠠᠴᠠ ᠶᠡᠭᠡ ᠬᠤᠷᠠᠯ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ᠂ ᠭᠤᠣᠯ ᠪᠣᠯᠬᠤ ᠠᠯᠪᠠᠨ ᠪᠢᠴᠢᠭ ᠪᠠ ᠮᠠᠲ᠋ᠧᠷᠢᠶᠠᠯ ᠮᠡᠳᠡᠭᠡ ᠵᠠᠩᠭᠢ ᠶᠢ ᠨᠡᠶᠢᠲᠡᠯᠡᠬᠦ ᠪᠠᠷ ᠪᠣᠶ᠂ ᠣᠯᠠᠨ ᠢᠶᠠᠷ ᠢᠶᠠᠨ ᠴᠠᠭ ᠲᠤᠬᠠᠢ ᠳᠤᠨᠢ ᠠᠩᠬᠠᠷᠤᠭᠠᠷᠠᠢ᠃ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠨᠠᠶᠢᠵᠠ ᠨᠠᠷ ᠤᠨ ᠲᠤᠬᠠᠢ ᠶᠢᠨ ᠲᠠᠯᠠᠪᠠᠢ᠂ ᠰᠦᠯᠵᠢᠶ᠎ᠡ᠂ ᠸᠢᠳᠢᠤ᠋᠂ ᠤᠳᠠᠰᠤ ᠪᠠᠷ ᠰᠤᠷᠪᠤᠯᠵᠢᠯᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠯᠤᠰ ᠲᠦᠷᠦ ᠶᠢᠨ ᠵᠥᠪᠯᠡᠯᠭᠡᠨ ᠤ ᠶᠡᠭᠡ ᠬᠤᠷᠠᠯ ᠢ ᠮᠡᠳᠡᠭᠡᠯᠡᠬᠦ ᠶᠢ ᠪᠠᠶᠠᠷᠯᠠᠨ ᠤᠭᠲᠤᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ