ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠵᠤ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ ᠦᠨᠡᠰᠦ ᠶᠢᠨ ᠡᠷᠭᠢᠯᠲᠡᠲᠦ ᠠᠵᠤ ᠠᠬᠤᠶ ᠶᠢᠨ ᠠᠵᠤ ᠦᠢᠯᠡᠰ ᠢ ᠲᠦᠷᠭᠡᠨ | ᠬᠥᠭᠵᠢᠭᠦᠯᠬᠦ︾ ᠶᠢ ᠪᠥᠬᠦ ᠪᠦᠯᠬᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠪᠤᠢ | 3 ᠰᠠᠷ᠎ᠠ ᠶᠢᠨ 3 ᠤ ᠡᠳᠦᠷ ᠬᠤᠷᠠᠯᠳᠤᠭᠤᠯᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ | ᠬᠤᠷᠠᠯ ᠠᠴᠠ ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠦᠨᠳᠦᠷ ᠬᠥᠩᠭᠡᠨᠴᠠᠭᠠᠨᠳᠤ | ᠨᠤᠨᠲᠠᠭ ᠨᠡᠭᠦᠷᠡᠰᠦᠨᠦᠨᠡᠰᠦ ᠶᠢᠨ ᠡᠷᠭᠢᠯᠲᠡᠲᠦ ᠠᠵᠤ ᠠᠬᠤᠶ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠲᠤᠬᠠᠢ ᠰᠠᠨᠠᠭᠤᠯᠭ᠎ᠠ︾ ᠶᠢ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠦᠬᠦ ᠪᠦᠯᠬᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠪᠠ᠃ ᠥᠪᠥᠷ ᠮᠣᠩᠭᠤᠯ ᠤᠨ | ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠵᠤ᠂ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ ᠦᠨᠡᠰᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠲᠦᠷᠭᠡᠨ | ᠬᠥᠭᠵᠢᠭᠦᠯᠬᠦ ᠨᠢ ᠤᠯᠤᠰ ᠤᠨ ᠬᠥᠩᠭᠡᠨᠴᠠᠭᠠᠨ ᠤ ᠡᠬᠢ ᠪᠠᠶᠠᠯᠢᠭ ᠤᠨ ᠠᠶᠤᠯ ᠦᠭᠡᠶ ᠶᠢ ᠪᠠᠲᠤᠯᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ | ᠬᠤᠯᠪᠣᠭᠳᠠᠯ ᠲᠠᠢ ᠶᠤᠮ᠃ | ᠲᠠᠨᠢᠯᠴᠠᠭᠤᠯᠤᠭᠰᠠᠨ ᠢᠶᠠᠷ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ᠂ ᠦᠨᠳᠦᠷ | ᠬᠥᠩᠭᠡᠨᠴᠠᠭᠠᠨᠳᠤ ᠨᠤᠨᠲᠠᠭ ᠨᠡᠭᠦᠷᠡᠰᠦᠨᠦᠨᠡᠰᠦ ᠶᠢᠨ ᠡᠷᠭᠢᠯᠲᠡᠳᠦ ᠠᠵᠤ ᠠᠬᠤᠶ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ᠂ ᠥᠪᠥᠷ ᠮᠣᠩᠭᠤᠯ ᠨᠢ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠷ ᠢᠯᠡᠷᠬᠡᠶ ᠪᠦᠭᠡᠳ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠲᠠᠢ ᠪᠣᠯᠵᠣ᠂ | ᠤᠨᠳᠤᠤᠰᠢᠭᠤᠯᠤᠨ ᠠᠰᠢᠭᠯᠠᠬᠤ ᠨᠥᠬᠦᠴᠡᠯ ᠨᠢ ᠪᠣᠯᠪᠠᠰᠤᠷᠠᠩᠭᠤᠶ ᠪᠣᠯᠤᠭᠰᠠᠨ ᠵᠡᠷᠭᠡ ᠢᠯᠡᠳᠲᠡ ᠳᠠᠪᠠᠭᠤᠯᠢᠭ ᠲᠠᠢ ᠶᠤᠮ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠨᠡᠶᠢᠲᠡᠯᠡᠭᠰᠡᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠳᠤ᠂ ᠣᠷᠳᠣᠰ ᠤᠨ ᠨᠤᠨᠲᠠᠭ ᠨᠡᠭᠦᠷᠡᠰᠦᠨ ᠦᠨᠡᠰᠦᠨ ᠠᠴᠠ | ᠢᠰᠦᠯᠳᠦᠭᠰᠡᠨ ᠬᠥᠩᠭᠡᠨᠴᠠᠭᠠᠨ ᠢ ᠭᠠᠷᠭᠠᠨ ᠠᠪᠴᠤ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠥᠲᠥᠭᠡᠨ ᠪᠠᠶᠢᠭᠤᠯᠬᠤ ᠬᠡᠷᠡᠭᠲᠡᠢ ᠭᠡᠵᠦ ᠲᠤᠳᠤᠷᠬᠠᠢ | ᠳᠤᠷᠠᠳᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠶᠢᠨ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠳᠤ ᠪᠠᠰᠠ᠂ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ | ᠦᠨᠡᠰᠦᠨ ᠠᠴᠠ ᠢᠰᠦᠯᠳᠦᠭᠰᠡᠨ ᠬᠥᠩᠭᠡᠨᠴᠠᠭᠠᠨ ᠢ ᠭᠠᠷᠭᠠᠨ ᠠᠪᠬᠤ᠂ ᠬᠥᠩᠭᠡᠨᠴᠠᠭᠠᠨ ᠴᠠᠬᠢᠭᠤᠷ ᠤᠨ ᠬᠠᠶᠢᠯᠤᠰᠢ ᠵᠡᠷᠭᠡ ᠨᠤᠨᠲᠠᠭ ᠨᠡᠭᠦᠷᠡᠰᠦᠨ | ᠦᠨᠡᠰᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠤᠯᠤᠰ ᠤᠨ ᠨᠤᠨᠲᠠᠭ ᠨᠡᠭᠦᠷᠡᠰᠦᠨ ᠦᠨᠡᠰᠦ ᠶᠢᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠳᠤᠷᠠᠳᠪᠠ᠃ ᠡᠭᠦᠨ ᠤ ᠬᠠᠮᠲᠤ᠂ 20 ᠰᠢᠬᠠᠮ ᠵᠢᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠷ ᠳᠡᠮᠵᠢᠨ᠂ ᠥᠪᠥᠷ ᠮᠣᠩᠭᠤᠯ ᠨᠤᠨᠲᠠᠭ ᠨᠡᠭᠦᠷᠡᠰᠦᠨ ᠦᠨᠡᠰᠦ ᠶᠢ ᠥᠨᠳᠥᠷ | ᠥᠷᠲᠡᠭ ᠢᠶᠠᠷ ᠠᠰᠢᠭᠯᠠᠬᠤ ᠣᠯᠠᠨ ᠵᠤᠷᠪᠤᠰ ᠪᠣᠯᠤᠮᠵᠢᠲᠠᠶ ᠮᠡᠷᠭᠡᠵᠢᠯ ᠤᠨ ᠱᠤᠭᠤᠮ ᠢ ᠨᠢᠭᠡᠨᠲᠡ ᠬᠠᠶᠢᠨ ᠰᠦᠪᠡᠭᠴᠢᠯᠡᠭᠰᠡᠨ ᠪᠥᠭᠡᠳ ᠠᠩᠬ᠎ᠠ ᠠᠯᠬᠤᠮ | ᠪᠦᠷᠢᠯᠳᠦᠭᠦᠯᠵᠦ᠂ ᠤᠨᠳᠤᠤᠰᠢᠭᠤᠯᠤᠨ ᠠᠰᠢᠭᠯᠠᠬᠤ ᠨᠥᠬᠦᠴᠡᠯ ᠪᠣᠯᠪᠠᠰᠤᠷᠠᠩᠭᠤᠶ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠣᠷᠳᠣᠰ ᠬᠤᠲᠠ ᠶᠢᠨ | ᠵᠡᠭᠦᠨᠭᠠᠷ ᠤᠨ ᠨᠡᠭᠦᠷᠡᠰᠦᠨ ᠠᠭᠤᠷᠬᠠᠶ ᠶᠢᠨ ᠨᠡᠭᠦᠷᠡᠰᠦ᠂ ᠰᠢᠲᠠᠭᠠᠭᠰᠠᠨ ᠤ ᠳᠠᠷᠠᠭᠠᠬᠢ ᠨᠤᠨᠲᠠᠭ ᠨᠡᠭᠦᠷᠡᠰᠦᠨ ᠦᠨᠡᠰᠦᠨ ᠳᠠᠬᠢ ᠢᠰᠦᠯᠳᠦᠭᠰᠡᠨ | ᠬᠥᠩᠭᠡᠨᠴᠠᠭᠠᠨ ᠤ ᠠᠭᠤᠯᠤᠭᠳᠠᠴᠠ ᠨᠢ ᠪᠥᠬᠦ ᠤᠯᠤᠰ ᠤᠨ ᠨᠤᠨᠲᠠᠭ ᠨᠡᠭᠦᠷᠡᠰᠦᠨ ᠦᠨᠡᠰᠦᠨ ᠤ ᠢᠰᠦᠯᠳᠦᠭᠰᠡᠨ ᠬᠥᠩᠭᠡᠨᠴᠠᠭᠠᠨ ᠤ ᠳᠤᠮᠳᠠᠴᠢ | ᠠᠭᠤᠯᠤᠭᠳᠠᠴᠠ ᠠᠴᠠ ᠬᠤᠯᠠ ᠥᠨᠳᠥᠷ ᠪᠠᠶᠢᠵᠤ᠂ ᠳᠠᠯᠳᠠ ᠢᠰᠦᠯᠳᠦᠭᠰᠡᠨ ᠬᠥᠩᠭᠡᠨᠴᠠᠭᠠᠨ ᠤ ᠠᠭᠤᠯᠤᠭᠳᠠᠴᠠ ᠨᠢ ᠮᠠᠨ ᠤ ᠤᠯᠤᠰ ᠤᠨ ᠨᠢᠭᠡᠨᠲᠡ ᠬᠠᠶᠢᠨ | ᠳᠣᠲᠣᠯᠠᠭᠰᠠᠨ ᠬᠥᠩᠭᠡᠨᠴᠠᠭᠠᠨ ᠤ ᠰᠢᠷᠣᠶ ᠶᠢᠨ ᠠᠭᠤᠷᠬᠠᠶ ᠶᠢᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ 4 ᠳᠠᠬᠢᠨ ᠢᠯᠡᠭᠦᠦ ᠪᠠᠶᠢᠨ᠎ᠠ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠨᠳᠥᠷ ᠬᠥᠩᠭᠡᠨᠴᠠᠭᠠᠨᠳᠤ | ᠨᠤᠨᠲᠠᠭ ᠨᠡᠭᠦᠷᠡᠰᠦᠨ ᠦᠨᠡᠰᠦ ᠶᠢᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠢᠢ ᠠᠬᠢᠭᠤᠯᠬᠤ ᠶᠢᠨ ᠲᠤᠰᠠᠳᠠ᠂ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠬᠠᠶᠠᠭᠳᠠᠮᠠᠯ ᠪᠤᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠭᠰᠠᠨ | ᠥᠪᠥᠷ ᠮᠣᠩᠭᠤᠯ ᠤᠨ ᠥᠯᠢᠭᠡᠷ ᠳᠠᠭᠤᠷᠢᠶᠠᠯ ᠪᠣᠯᠬᠤ᠂ ᠵᠦᠷᠢᠶᠡᠴᠢᠯᠡᠭᠰᠡᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ︽ᠠᠵᠤ | ᠦᠢᠯᠡᠰ ᠤᠨ ᠪᠦᠲᠦᠴᠡ ᠶᠢ ᠲᠣᠬᠢᠷᠠᠭᠤᠯᠬᠤ ᠵᠢᠯᠣᠭᠤᠳᠬᠤ ᠭᠠᠷᠴᠠᠭ︾ ᠲᠤ ᠵᠠᠰᠠᠪᠤᠷᠢ ᠣᠷᠣᠭᠤᠯᠬᠤ᠂ ᠡᠬᠢ ᠪᠠᠶᠠᠯᠢᠭ ᠢ ᠬᠠᠮᠠᠭᠠᠯᠠᠬᠤ ᠪᠠ ᠶᠡᠷᠦᠩᠬᠡᠶᠢᠯᠡᠨ | ᠠᠰᠢᠭᠯᠠᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠨᠳᠤᠤᠰᠢᠭᠤᠯᠬᠤ ᠶᠢ | ᠦᠷᠭᠦᠯᠵᠢᠯᠡᠨ ᠴᠢᠩᠭᠠᠳᠬᠠᠬᠤ ᠵᠡᠷᠭᠡ ᠲᠠᠯ᠎ᠠ ᠪᠠᠷ ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ | ᠠᠬᠢᠭᠤᠯᠵᠤ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨᠦᠨᠡᠰᠦ ᠶᠢᠨ ᠡᠷᠭᠢᠯᠲᠡᠲᠦ ᠠᠵᠤ ᠠᠬᠤᠶ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ︾ | ᠳᠤ ᠪᠣᠳᠠᠲᠠᠶ ᠰᠠᠨᠠᠭᠤᠯᠭ᠎ᠠ ᠳᠤᠷᠠᠳᠪᠠ᠃ |