— ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠢ ᠰᠤᠷᠪᠤᠯᠵᠢᠯᠠᠭᠰᠠᠨ ᠨᠢ | 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠦ ᠴᠤᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠰᠢᠨ᠎ᠡ ᠵᠠᠮ ᠨᠡᠬᠡᠭᠡᠵᠤ ᠳᠤᠮᠳᠠ | ᠲᠦᠪᠰᠢᠨ ᠳᠤ ᠣᠷᠣᠬᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃ ᠨᠢᠭᠡ ᠵᠢᠯ ᠤᠨ ᠲᠤᠷᠰᠢ᠂ ᠥᠪᠥᠷ ᠮᠣᠩᠭᠤᠯ ᠤᠨ ᠰᠢᠭᠦᠬᠦ ᠬᠤᠷᠢᠶ᠎ᠠ ᠶᠢᠨ | ᠰᠢᠰᠲ᠋ᠧᠮ ᠪᠦᠬᠦ ᠲᠠᠯ᠎ᠠ ᠳᠤ ᠦᠢᠯᠡᠴᠢᠯᠡᠬᠦ᠂ ᠠᠷᠠᠳ ᠤᠨ ᠲᠦᠯᠦᠭᠡ ᠬᠠᠤᠯᠢ ᠪᠠᠷᠢᠬᠤ ᠠᠵᠢᠯ ᠢ ᠬᠦᠨᠵᠡᠭᠡᠢ ᠪᠤᠳᠠᠳᠠᠢ ᠬᠢᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠤᠯᠢ ᠴᠠᠭᠠᠵᠠ ᠶᠢᠨ ᠬᠦᠴᠦᠲᠤ ᠲᠤᠯᠭᠠᠭᠤᠷᠢᠯᠠᠯ ᠪᠠ | ᠦᠢᠯᠡᠴᠢᠯᠡᠭᠡ ᠬᠠᠩᠭᠠᠪᠠ᠃ ᠳᠠᠷᠠᠭᠠᠴᠢ ᠪᠠᠷ ᠥᠪᠥᠷ ᠮᠣᠩᠭᠤᠯ ᠤᠨ ᠰᠢᠭᠦᠬᠦ ᠬᠤᠷᠢᠶᠠᠨ ᠤ ᠰᠢᠰᠲ᠋ᠧᠮ ᠬᠡᠷᠬᠢᠨ ᠡᠭᠦᠷᠭᠡ ᠬᠠᠷᠢᠭᠤᠴᠠᠯᠭ᠎ᠠ ᠪᠠᠨ ᠨᠠᠩ | ᠰᠠᠶᠢᠲᠤᠷ ᠭᠦᠢᠴᠡᠳᠬᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠬᠤ ᠳᠤ ᠬᠦᠴᠦᠨ ᠨᠡᠮᠡᠷᠢᠯᠡᠬᠦ ᠪᠣᠶ︖ ᠣᠶᠢᠷ᠎ᠠ ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠤ ᠴᠧᠩ ᠲᠣᠰ ᠰᠣᠨᠢᠨ ᠤ ᠰᠤᠷᠪᠤᠯᠵᠢᠯᠠᠭᠴᠢ ᠶᠢᠨ | ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡ᠃ | ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ | ᠵᠠᠮ ᠨᠡᠬᠡᠭᠡᠵᠤ ᠳᠤᠮᠳᠠ ᠲᠦᠪᠰᠢᠨ ᠳᠤ ᠣᠷᠣᠵᠤ᠂ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠠᠬᠢᠴᠠ ᠲᠠᠢ ᠪᠣᠯᠪᠡ᠃ ᠡᠨᠡ ᠬᠦ | ᠶᠠᠪᠤᠴᠠ ᠳᠤ᠂ ᠪᠦᠬᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠤ ᠦᠢᠯᠡᠴᠢᠯᠡᠵᠦ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ︽ᠬᠠᠮᠢᠶᠠᠷᠤᠯᠲᠠ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠪᠠᠷ | ᠳᠠᠮᠵᠢᠭᠤᠯᠤᠨ ︽ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠡᠭᠡᠳᠦ ᠲᠦᠪᠰᠢᠨ ᠳᠤ ᠤᠷᠤᠬᠤ ᠪᠠᠷ ᠴᠢᠷᠮᠠᠶᠢᠨ ᠲᠡᠮᠡᠴᠡᠬᠦ︾ ᠢᠢ | ᠲᠣᠭᠲᠠᠭᠤᠨ ᠢᠶᠠᠷ ᠪᠡᠶᠡᠯᠡᠭᠦᠯᠵᠦ᠂ ᠤᠯᠤᠰ ᠲᠦᠷᠦ ᠶᠢᠨ ᠪᠠᠶᠢᠭᠤᠯᠤᠯᠲᠠ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ | ᠡᠩᠨᠡᠭᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠣᠯᠪᠠ᠃ ᠨᠢᠭᠡ ᠳᠤ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠪᠠ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ︽ᠬᠥᠲᠥᠯᠪᠦᠷᠢ︾ ᠪᠠ ︽ | ᠰᠦᠭ ᠰᠦᠨᠡᠰᠦ︾ ᠪᠣᠯᠭᠠᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠠᠭᠤᠰᠬᠠᠵᠤ᠂ ᠬᠡᠷᠡᠭ ᠢ ᠰᠢᠭᠦᠬᠦ᠂ ᠦᠢᠯᠡᠴᠢᠯᠡᠭᠡᠨ ᠤ ᠵᠠᠰᠠᠯᠲᠠ᠂ ᠰᠢᠭᠦᠨ | ᠲᠠᠰᠤᠯᠤᠯᠲᠠ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠪᠣᠳᠠᠲᠠᠢ ᠠᠳᠬᠤᠵᠤ᠂ ᠬᠠᠤᠯᠢ ᠴᠠᠭᠠᠵᠠ ᠶᠢᠨ ᠠᠵᠢᠯ ᠤᠨ ᠢᠮᠠᠭᠲᠠ ᠵᠥᠪ ᠤᠯᠤᠰ | ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠭᠰᠡᠨ ᠨᠢ ᠬᠦᠴᠦᠲᠡᠢ ᠪᠥᠭᠡᠳ | ᠪᠦᠲᠦᠮᠵᠢᠲᠡᠶ ᠪᠤᠯᠪᠠ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠣᠷᠴᠢᠨ ᠲᠤᠭᠤᠷᠢᠨ ᠤ ᠡᠬᠢ | ᠪᠠᠶᠠᠯᠢᠭ ᠤᠨ ᠬᠡᠷᠡᠭ ᠢ ᠲᠥᠪᠯᠡᠷᠡᠭᠦᠯᠦᠨ ᠬᠠᠮᠢᠶᠠᠷᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠬᠦᠯᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ ᠭᠤᠷᠪᠠ ᠳᠤ᠂ ᠠᠷᠠᠳ ᠤᠨ ᠲᠥᠯᠥᠭᠡ ᠬᠠᠤᠯᠢ ᠪᠠᠷᠢᠬᠤ ᠴᠢᠨᠠᠷ ᠴᠢᠨᠰᠠᠭ᠎ᠠ ᠶᠢ ᠨᠡᠩ | ᠰᠠᠶᠢᠵᠢᠷᠠᠭᠤᠯᠪᠠ᠃ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠵᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠨ | ᠲᠥᠯᠥᠭᠡ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠠᠵᠢᠯ ᠳᠤ ᠲᠠᠯᠪᠢᠵᠤ ᠪᠠᠶᠢᠭ᠎ᠠ ᠰᠢᠨ᠎ᠡ ᠬᠦᠰᠡᠯ ᠡᠷᠡᠮᠡᠯᠵᠡᠯ ᠳᠤ ᠬᠦᠴᠦᠲᠡᠢ ᠲᠤᠰᠬᠠᠯ ᠥᠭᠪᠡ᠃ | ᠳᠥᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠨᠠᠮ ᠢ ᠴᠢᠩᠭ᠎ᠠ ᠬᠠᠮᠢᠶᠠᠷᠴᠤ ᠰᠢᠭᠦᠬᠦ ᠬᠤᠷᠢᠶ᠎ᠠ ᠶᠢ ᠴᠢᠩᠭ᠎ᠠ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠡᠩᠨᠡᠭᠡ ᠶᠢᠨ ᠪᠠᠶᠢᠭᠤᠯᠤᠯᠳᠠ ᠶᠢ | ᠲᠠᠶᠢᠴᠢᠯᠠᠨ ᠰᠢᠭᠦᠨ ᠲᠠᠰᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠤ᠂ ᠺᠠᠳ᠋ᠷ ᠤᠨ ᠡᠩᠨᠡᠭᠡ ᠶᠢᠨ ᠬᠡᠪ ᠴᠢᠨᠠᠷ ᠪᠠ ᠴᠢᠳᠠᠪᠤᠷᠢ ᠢᠯᠡᠳᠲᠡ ᠳᠡᠭᠡᠭᠰᠢᠯᠡᠪᠡ᠃ ᠡᠲᠡᠭᠡᠷ ᠠᠵᠢᠯ ᠨᠢ ᠪᠥᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠨᠠᠩ ᠭᠦᠢᠴᠡᠳ᠂ ᠨᠠᠩ ᠬᠦᠴᠦᠲᠡᠢ ᠬᠠᠮᠠᠭᠠᠯᠠᠵᠤ ᠲᠤᠰᠠᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠤ ᠢᠯᠡᠳᠬᠡᠪᠡ᠃ | ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠰᠢᠨ᠎ᠡ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠬᠢᠵᠦ᠂ ︽ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ︾ ᠶᠢ | ᠴᠢᠬᠤᠯᠠᠴᠢᠯᠠᠵᠤ᠂ ᠠᠷᠠᠳ ᠤᠨ ᠰᠢᠭᠦᠬᠦ ᠬᠤᠷᠢᠶ᠎ᠠ ᠳᠤ ᠨᠡᠩ ᠴᠢᠬᠤᠯᠠ ᠲᠤᠰᠢᠶᠠᠯ ᠬᠠᠷᠢᠭᠤᠴᠠᠯᠭ᠎ᠠ ᠣᠯᠭᠤᠵᠤ᠂ ᠰᠢᠭᠦᠬᠦ ᠬᠤᠷᠢᠶ᠎ᠠ ᠶᠢᠨ ᠠᠵᠢᠯ ᠢ | ᠰᠠᠶᠢᠲᠤᠷ ᠬᠢᠬᠦ ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ᠃ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠥᠬᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠮᠣᠩᠭᠤᠯ ᠮᠣᠷᠢᠨ ᠤ ᠵᠣᠷᠢᠭ | ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠤᠯᠢ ᠪᠠᠷ ᠵᠠᠰᠠᠬᠤ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ | ᠂ ᠠᠯᠤᠰ ᠬᠡᠲᠦ ᠳᠤ ᠠᠰᠢᠭᠲᠠᠶ ᠪᠠᠶᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠲᠤ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ᠃ ᠨᠢᠭᠡ ᠳᠤ᠂ ᠤᠯᠤᠰ ᠲᠦᠷᠦ ᠶᠢᠨ | ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠰᠢᠭᠦᠬᠦ ᠬᠤᠷᠢᠶ᠎ᠠ ᠶᠢᠨ ᠠᠵᠢᠯ ᠳᠠᠬᠢ ᠨᠠᠮ ᠤᠨ ᠬᠠᠷᠢᠴᠠᠯᠠᠰᠢ ᠦᠬᠡᠢ ᠤᠳᠤᠷᠢᠳᠤᠯᠭ᠎ᠠ ᠶᠢ | ᠦᠨᠡᠨ ᠬᠦ ᠪᠠᠲᠤᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤ ᠦᠢᠯᠡᠳᠦᠯᠭᠡᠵᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ | ︾ ᠶᠢ ᠪᠡᠶᠡᠯᠡᠭᠦᠯᠦᠨ᠎ᠡ᠃ ᠬᠤᠶᠠᠷ ᠲᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ | ᠦᠢᠯᠡᠴᠢᠯᠡᠨ᠎ᠡ᠃ ᠤᠬᠠᠮᠰᠠᠷ ᠠᠴᠠ ᠪᠠᠨ ᠰᠢᠭᠦᠬᠦ ᠬᠤᠷᠢᠶ᠎ᠠ ᠶᠢᠨ ᠠᠵᠢᠯ ᠢ ᠶᠡᠭᠡ ᠲᠠᠯ᠎ᠠ ᠳᠤ ᠲᠠᠯᠪᠢᠨ ᠤᠬᠠᠭᠠᠯᠠᠨ ᠲᠥᠯᠥᠪᠯᠡᠵᠦ ᠠᠬᠢᠭᠤᠯᠤᠨ᠂ ᠲᠣᠰ | ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ | ᠲᠠᠪᠤᠨ ᠶᠡᠭᠡ ᠡᠭᠦᠷᠭᠡ︾ ᠢᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ ᠶᠢ ᠦᠢᠯᠡᠴᠢᠯᠡᠨ ᠪᠠᠳᠤᠯᠠᠬᠤ ᠳᠤᠮᠳᠠ ᠬᠠᠤᠯᠢ ᠪᠠᠷᠢᠬᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠨ᠎ᠡ᠃ ᠤᠯᠤᠰ ᠤᠨ ᠠᠮᠤᠷ ᠲᠦᠪᠰᠢᠨ | ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠠᠪᠤᠳᠠᠯ ᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠶᠡᠷᠦᠩᠬᠡᠢ ᠴᠣᠭᠴᠠ ᠶᠢᠨ ᠠᠮᠤᠷ | ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠦᠷᠦ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠭᠤᠷᠪᠠ ᠳᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ ᠶᠢ | ᠳᠣᠪᠤᠶᠢᠯᠭᠠᠵᠤ᠂ ᠲᠥᠪ ᠭᠤᠤᠯᠴᠢ ᠰᠢᠳᠤᠷᠭᠤ ᠶᠣᠰᠣᠨ ᠤ ᠰᠠᠭᠤᠷᠢ ᠶᠢ ᠵᠤᠵᠠᠭᠠᠳᠬᠠᠨ᠎ᠠ᠃ ᠰᠢᠭᠦᠨ ᠲᠠᠰᠤᠯᠬᠤ ᠭᠦᠢᠴᠡᠳᠭᠡᠬᠦ ᠡᠭᠦᠷᠭᠡ ᠴᠢᠳᠠᠪᠬᠢ ᠪᠠᠨ | ᠭᠦᠢᠴᠡᠳ ᠪᠠᠳᠠᠷᠠᠭᠤᠯᠵᠤ᠂ ᠥᠮᠴᠢᠯᠡᠬᠦ ᠡᠷᠬᠡ ᠶᠢ ᠬᠠᠮᠠᠭᠠᠯᠠᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠨᠡᠶᠢᠭᠡᠮ ᠤᠨ | ᠢᠲᠡᠭᠡᠮᠵᠢ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ︽ᠬᠡᠷᠪᠡ ᠪᠢ ᠵᠠᠭᠠᠯᠳᠤᠯᠭ᠎ᠠ ᠬᠢᠵᠦ ᠪᠠᠶᠢᠬᠰᠠᠨ ᠪᠤᠯ︾ ᠭᠡᠬᠦ ᠤᠬᠠᠮᠰᠠᠷ ᠢᠶᠠᠷ ᠠᠷᠠᠳ ᠤᠨ ᠠᠮᠢᠳᠤᠷᠠᠯ ᠤᠨ ᠬᠡᠷᠡᠭ | ᠪᠦᠬᠦᠨ ᠢ ᠰᠠᠶᠢᠲᠤᠷ ᠰᠢᠢᠳᠪᠦᠷᠢᠯᠡᠵᠦ᠂ ᠭᠦᠢᠴᠡᠳᠭᠡᠬᠦ ᠳᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠬᠠᠤᠯᠢ | ᠴᠠᠭᠠᠵᠠ ᠶᠢᠨ ᠬᠦᠷᠲᠡᠮᠵᠢ ᠶᠢᠨ ᠲᠦᠷᠦᠭᠳᠡᠯ ᠢ ᠨᠡᠩ ᠴᠢᠩᠭ᠎ᠠ ᠪᠣᠯᠭᠠᠨ᠎ᠠ᠃ ᠲᠣᠭᠠᠴᠢᠯᠠᠭᠰᠠᠨ ᠥᠭᠡᠷᠡᠴᠢᠯᠡᠯᠲᠡ ᠶᠢᠨ ᠠᠵᠠ ᠲᠣᠬᠢᠶᠠᠯ ᠢ ᠡᠵᠡᠮᠳᠡᠵᠦ᠂ | ᠲᠣᠭᠠᠴᠢᠯᠠᠭᠰᠠᠨ ᠰᠢᠭᠦᠬᠦ ᠬᠤᠷᠢᠶ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠨᠢᠭᠡ ᠰᠦᠯᠵᠢᠶ᠎ᠡ︾ ᠶᠢᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠢᠶᠠᠷ ᠡᠵᠠ ᠲᠣᠬᠢᠶᠠᠯ ᠪᠣᠯᠭᠠᠵᠤ᠂ ᠬᠠᠤᠯᠢ ᠴᠠᠭᠠᠵᠠ ᠶᠢᠨ ᠦᠢᠯᠡᠳᠦᠯ ᠴᠢᠳᠠᠪᠬᠢ ᠶᠢ ᠨᠠᠩ ᠰᠠᠶᠢᠳᠤᠷ ᠳᠡᠭᠡᠭᠰᠢᠯᠡᠭᠦᠯᠦᠨ᠎ᠡ᠃ | ᠳᠥᠷᠪᠡ ᠳᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠪᠦᠬᠦ | ᠣᠷᠣᠨ ᠤ ᠰᠢᠭᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠶᠢᠨ ᠲᠦᠷᠢᠮ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠰᠢᠷᠭᠠᠭᠤ ᠠᠵᠢᠯᠯᠠᠨ᠂ | ᠵᠣᠷᠢᠭᠲᠠᠢ ᠪᠠᠷ ᠠᠵᠢᠯ ᠬᠢᠵᠦ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ | ᠥᠭᠡᠳᠡᠯᠡᠨ ᠲᠠᠪᠰᠢᠬᠤ ᠶᠢ ᠳᠠᠶᠢᠴᠢᠯᠠᠬᠤ ᠶᠢ ᠬᠥᠮᠦᠵᠢᠭᠦᠯᠦᠨ ᠵᠢᠯᠣᠭᠤᠳᠤᠨ᠎ᠠ᠃ ᠶᠡᠷᠦᠩᠭᠡᠶᠢᠯᠡᠭᠡᠳ ᠬᠡᠯᠡᠪᠡᠯ᠂ ᠥᠪᠥᠷ ᠮᠣᠩᠭᠤᠯ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠪᠥᠬᠦ | ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠩ | ᠪᠦᠲᠦᠮᠵᠢᠲᠡᠶ ᠬᠠᠤᠯᠢ ᠴᠠᠭᠠᠵᠠ ᠶᠢᠨ ᠦᠢᠯᠡᠳᠦᠯᠭᠡ ᠶᠢ ᠥᠷᠨᠢᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠥᠪᠥᠷ ᠮᠣᠩᠭᠤᠯ᠂ | ᠬᠠᠤᠯᠢ ᠪᠠᠷ ᠵᠠᠰᠠᠬᠤ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠢᠯᠡᠳᠭᠡᠪᠡ᠃ | ︵ᠤᠭ ᠵᠤᠬᠢᠶᠠᠯ ᠢ ︽ᠠᠷᠠᠳ ᠤᠨ ᠰᠢᠭᠦᠬᠦ ᠬᠤᠷᠢᠶ᠎ᠠ ᠶᠢᠨ ᠰᠣᠨᠢᠨ︾ ᠤ 2025 ᠣᠨ ᠤ 3 ᠰᠠᠷ᠎ᠠ ᠶᠢᠨ 4 ᠤ ᠡᠳᠦᠷ ᠤᠨ ᠨᠢᠭᠡᠳᠦᠭᠡᠷ | ᠨᠢᠭᠤᠷ ᠲᠤ ᠨᠡᠶᠢᠲᠡᠯᠡᠪᠡ︶ |