ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠯᠡᠳᠭᠡᠯ ᠬᠤᠷᠠᠯ ᠬᠢᠵᠠᠢ
ᠨᠡᠶᠢᠲᠡᠯᠡᠭᠰᠡᠨ ᠴᠠᠭ᠄
2025/3/6
    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ ᠶᠡᠭᠡ ᠬᠤᠷᠠᠯ ᠤᠨ ᠵᠥᠪᠯᠡᠬᠦ ᠵᠦᠢᠯ ᠢ ᠪᠠᠲᠤᠯᠠᠪᠠ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 4 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠡᠯᠡᠳᠭᠡᠯ ᠬᠤᠷᠠᠯ ᠬᠢᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠤ᠋ ᠵᠢᠢ ᠬᠤᠷᠠᠯ ᠢ ᠡᠷᠬᠢᠯᠡᠪᠡ᠃ ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠪᠠ᠃ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 2929 ᠬᠥᠮᠦᠨ ᠪᠣᠶ᠃ 3 ᠰᠠᠷ᠎ᠠ ᠶᠢᠨ 3 ᠤ ᠡᠳᠦᠷ ᠪᠣᠯᠲᠠᠯ᠎ᠠ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠲᠤ ᠨᠡᠷ᠎ᠠ ᠮᠡᠳᠡᠭᠦᠯᠦᠭᠰᠡᠨ ᠲᠦᠯᠦᠭᠡᠯᠡᠭᠴᠢ 2893 ᠬᠥᠮᠦᠨ ᠪᠤᠢ᠃ 4 ᠤ ᠡᠳᠦᠷ ᠤᠨ ᠪᠡᠯᠡᠳᠭᠡᠯ ᠬᠤᠷᠠᠯ ᠳᠤ 2872 ᠬᠥᠮᠦᠨ ᠣᠷᠣᠯᠴᠠᠵᠤ᠂ 57 ᠬᠥᠮᠦᠨ ᠣᠷᠣᠯᠴᠠᠭᠰᠠᠨ ᠦᠭᠡᠢ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃    ᠵᠤᠤ ᠯᠤ᠋ ᠵᠢᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠢ 2025 ᠣᠨ ᠤ 3 ᠰᠠᠷ᠎ᠠ ᠶᠢᠨ 5 ᠤ ᠡᠳᠦᠷ ᠬᠤᠷᠠᠯᠳᠤᠭᠤᠯᠬᠤ ᠪᠠᠷ ᠲᠣᠭᠲᠠᠪᠠ᠃ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠨᠢᠭᠡᠨᠲᠡ ᠪᠡᠯᠡᠬᠡᠨ ᠪᠣᠯᠵᠠᠢ ᠭᠡᠪᠡ᠃    ᠵᠣᠣ ᠯᠤ᠋ ᠵᠢᠶ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠳᠤᠷ ᠪᠠᠷᠢᠮᠳᠠᠯᠠᠵᠤ᠂ ᠰᠠᠶᠢᠳᠤᠷ ᠲᠡᠭᠦᠯᠳᠡᠷᠵᠢᠭᠦᠯᠵᠤ᠂ ᠰᠠᠶᠢᠲᠤᠷ ᠬᠡᠷᠡᠭᠵᠢᠭᠦᠯᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠭᠡᠵᠤ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠤ᠂ ᠰᠡᠳᠭᠢᠯ ᠢ ᠨᠢᠭᠡᠳᠭᠡᠨ ᠬᠦᠴᠦ ᠶᠢ ᠬᠠᠮᠲᠤᠳᠬᠠᠬᠤ᠂ ᠦᠨᠡᠨ ᠬᠦ ᠠᠳᠬᠤᠵᠤ ᠪᠣᠳᠠᠲᠠᠶ ᠬᠢᠬᠦ᠂ ᠪᠦᠯᠬᠦᠮᠳᠡᠨ ᠳᠠᠪᠰᠢᠬᠤ ᠶᠡᠭᠡ ᠬᠤᠷᠠᠯ ᠪᠤᠯᠭᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠡᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠠ ᠭᠡᠵᠤ ᠵᠢᠭᠠᠵᠤ ᠭᠠᠷᠭᠠᠪᠠ᠃    ᠪᠡᠯᠡᠳᠭᠡᠯ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ 176 ᠬᠥᠮᠦᠨ ᠢᠶᠠᠷ ᠪᠦᠷᠢᠯᠳᠦᠵᠦ᠂ ᠯᠢ ᠬᠤᠩ ᠵᠦᠩ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠵᠠᠢ᠃ᠪᠠᠲᠤᠯᠠᠯᠳᠠ ᠬᠢᠵᠤ ᠪᠠᠳᠤᠯᠠᠬᠰᠡᠨ ᠬᠤᠷᠠᠯ ᠤᠨ ᠵᠦᠪᠯᠡᠬᠦ ᠵᠦᠢᠯ ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠨᠢ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠵᠤ᠂ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠡᠨ ᠪᠠᠶᠢᠴᠠᠭᠠᠵᠤ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ᠂ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠡᠨ ᠪᠠᠶᠢᠴᠠᠭᠠᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ︵ᠵᠠᠰᠠᠪᠤᠷᠢ ᠣᠷᠣᠭᠤᠯᠬᠤ ᠲᠥᠰᠦᠯ︶︾ ᠶᠢ ᠲᠡᠪᠰᠢᠬᠦᠯᠤᠨ ᠬᠢᠨᠠᠨ ᠵᠦᠪᠯᠡᠬᠦᠯᠬᠦ ᠲᠤᠬᠠᠢ ᠰᠠᠨᠠᠯ ᠵᠥᠪᠯᠡᠯᠭᠡ ᠶᠢ ᠬᠢᠨᠠᠨ ᠵᠥᠪᠯᠡᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠶᠢ ᠬᠢᠨᠠᠨ ᠵᠦᠪᠯᠡᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠶᠢ ᠬᠢᠨᠠᠨ ᠵᠦᠪᠯᠡᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠶᠢ ᠬᠢᠨᠠᠨ ᠵᠦᠪᠯᠡᠨ᠎ᠠ᠃    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ᠂ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠤᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂ ᠫᠤᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ᠂ ᠨᠠᠷᠢᠨ ᠪᠢᠴᠢᠭ ᠤᠨ ᠳᠠᠷᠤᠭ᠎ᠠ ᠯᠢᠦ ᠴᠢ ᠬᠤᠷᠠᠯ ᠳᠤ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ