— ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ | ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ | ᠤᠷᠢᠬᠠᠨ ᠬᠠᠪᠤᠷ ᠲᠤᠷᠤᠨ᠎ᠠ ᠶᠢᠨ ᠰᠠᠯᠬᠢ ᠢᠯᠪᠢᠬᠦᠶᠠ᠂ ᠠᠭᠤᠯᠠ ᠤᠰᠤ ᠰᠢᠨ᠎ᠡ ᠥᠡᠭᠭᠡ ᠳᠦᠷᠬᠦ ᠢᠯᠡᠷᠡᠭᠦᠯᠦᠨ᠎ᠠ᠃ 3 ᠰᠠᠷ᠎ᠠ ᠶᠢᠨ 5 ᠤ ᠡᠳᠦᠷ᠂ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠭᠡᠵᠢᠩ ᠳᠤ | ᠦᠪᠡᠳᠡᠭᠰᠢ ᠶᠡᠭᠡ ᠪᠠᠷ ᠡᠬᠢᠯᠡᠪᠡ᠃ 3000 ᠰᠢᠬᠠᠮ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡ | ᠲᠠᠩᠬᠢᠮ ᠳᠤ ᠴᠤᠭᠯᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠢᠳᠪᠦᠷᠢᠲᠦ ᠢᠯᠠᠯᠲᠠ ᠶᠢ ᠤᠯᠬᠤ ᠳᠤ ᠰᠠᠨᠠᠯ ᠰᠠᠨᠠᠭᠤᠯᠭ᠎ᠠ ᠳᠤᠷᠠᠳᠴᠤ | ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠲᠤᠳᠬᠠᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠰᠦᠷ ᠳᠠᠯᠠᠶᠢᠴᠠᠲᠠᠢ ᠠᠶᠠᠨ ᠳᠤ ᠲᠡᠮᠡᠴᠡᠯ ᠤᠨ ᠬᠠᠷᠢᠭᠤᠴᠠᠯᠭ᠎ᠠ ᠡᠭᠦᠷᠭᠡᠯᠡᠯ ᠢ ᠪᠠᠲᠤ ᠴᠡᠭᠡᠵᠢᠯᠡᠵᠦ᠂ ᠢᠳᠡᠷᠡᠭᠦᠨ ᠠᠯᠬᠤᠭ᠎ᠠ ᠪᠠᠷ ᠭᠠᠪᠰᠢᠭᠠᠶᠢᠯᠠᠨ | ᠤᠷᠤᠭᠰᠢᠯᠠᠨ᠎ᠠ᠃ ᠮᠠᠷᠲᠠᠭᠳᠠᠰᠢ ᠦᠭᠡᠢ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠠᠶᠠᠭᠠᠷ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠮᠠᠰᠢ ᠤᠯᠠᠨ ᠶᠡᠭᠡ | ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠮᠠᠰᠢ ᠤᠯᠠᠨ ᠬᠦᠴᠢᠷ ᠶᠠᠪᠤᠳᠠᠯ ᠪᠠᠴᠢᠮ ᠶᠠᠪᠤᠳᠠᠯ ᠢ ᠰᠢᠢᠳᠪᠦᠷᠢᠯᠡᠪᠡ᠃ ︽ᠴᠠᠭ ᠦᠶ᠎ᠡ ᠶᠢᠨ ᠰᠢᠨ᠎ᠡ | ᠬᠠᠭᠤᠳᠠᠰᠤ︾ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠵᠤ᠂ ︽ᠬᠠᠮᠤᠭ ᠤᠨ ᠰᠠᠶᠢᠨ ᠠᠵᠢᠯᠯᠠᠭ᠎ᠠ︾ ᠪᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠤᠨ ᠤᠯᠤᠰ ᠪᠠᠶᠢᠭᠤᠯᠤᠬᠳᠠᠬᠰᠡᠨ 75 ᠵᠢᠯ ᠤᠨ | ᠤᠢ ᠶᠢ ᠪᠡᠯᠭᠡᠯᠡᠵᠤ᠂ ᠪᠢᠳᠡᠨ ᠤ ᠬᠠᠷᠠᠯᠲᠠ ᠨᠡᠩ ᠡᠷᠡᠰ ᠪᠠᠲᠤ ᠪᠣᠯᠪᠠ︔ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠤ ᠪᠤᠳᠠᠭᠠᠨ ᠤ ᠤᠨᠠᠯᠲᠠ ᠰᠢᠨ᠎ᠡ | ᠰᠢᠪᠲᠤᠯᠤᠯᠲᠠ ᠶᠢ ᠪᠡᠶᠡᠯᠡᠭᠦᠯᠵᠦ᠂ ᠴᠠᠩ ᠧ ᠵᠢᠷᠭᠤᠳᠤᠭᠠᠷ᠂ ᠱᠧᠨᠵᠧᠨ ᠠᠴᠠ ᠵᠦᠩᠱᠠᠨ ᠬᠦᠷᠬᠦ ᠲᠠᠯᠠᠢ ᠰᠤᠨᠳᠠᠯᠠᠬᠰᠡᠨ ᠵᠠᠮ ᠵᠡᠷᠭᠡ ᠰᠢᠨ᠎ᠠ ᠶᠢ | ᠡᠭᠦᠳᠦᠭᠰᠡᠨ ᠦᠷ᠎ᠠ ᠪᠦᠲᠦᠭᠡᠯ ᠢ ᠤᠯᠵᠤ᠂ ︽ᠲᠣᠭᠲᠠᠭᠤᠨ︾ ᠤ ᠰᠠᠭᠤᠷᠢ ᠨᠡᠩ ᠪᠠᠬᠢᠵᠢᠵᠦ᠂ ︽ᠤᠷᠤᠭᠰᠢᠯᠠᠯᠳᠠ︾ ᠶᠢᠨ ᠬᠥᠳᠡᠯᠭᠡᠬᠦ ᠡᠨᠧᠷᠭᠢ | ᠲᠠᠰᠤᠷᠠᠯᠲᠠ ᠦᠭᠡᠢ ᠴᠢᠩᠭᠠᠷᠠᠵᠤ᠂ ᠪᠢᠳᠡᠨ ᠤ ᠬᠥᠳᠡᠯᠭᠡᠬᠦ ᠬᠦᠴᠦᠨ ᠨᠡᠩ ᠬᠦᠴᠦᠷᠬᠡᠭᠵᠢᠪᠡ︔ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠤᠷ ᠲᠤ | ᠡᠷᠡᠯᠬᠡᠭᠯᠡᠨ ᠲᠡᠮᠡᠴᠡᠵᠦ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠡᠮᠦᠨ᠎ᠡ ᠲᠦᠮᠡᠨ ᠤᠯᠠᠨ ᠢᠶᠠᠷ ᠢᠶᠠᠨ ᠵᠤᠷᠢᠭ ᠨᠢᠭᠡᠳᠦᠨ᠂ ᠤᠯᠠᠨ ᠤᠯᠤᠰ ᠤᠨ | ᠲᠠᠪᠴᠠᠩ ᠳᠡᠭᠡᠷ᠎ᠡ ᠳᠤᠮᠳᠠᠳᠤ ᠤᠯᠤᠰ ᠤᠨ ᠵᠣᠷᠢᠯᠲᠠ ᠶᠢ ᠢᠯᠡ ᠲᠣᠳᠣᠷᠬᠠᠢ ᠳᠤᠷᠠᠳᠴᠤ᠂ ᠪᠢᠳᠡᠨ ᠤ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠪᠠ᠃ | | ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠲᠦᠢᠯ ᠤᠨ ᠬᠢᠯᠪᠠᠷ ᠪᠤᠰᠤ ᠪᠠᠶᠢᠵᠦ᠂ ᠬᠦᠮᠦᠰ ᠢ ᠤᠷᠮᠠᠰᠢᠭᠤᠯᠤᠨ ᠵᠤᠷᠢᠭᠵᠢᠭᠤᠯᠤᠨ᠎ᠠ᠂ | ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠵᠠᠮ ᠨᠡᠭᠡᠭᠡᠨ ᠤᠷᠤᠭᠰᠢᠯᠠᠬᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠵᠠᠢ᠃ ᠶᠠᠭ ᠶᠡᠷᠦᠩᠬᠡᠢ | ᠱᠦᠵᠢ ᠰᠢ ᠶᠢᠨ ᠫᠢᠩ ᠤᠨ ᠭᠦᠨᠵᠡᠭᠡᠢ ᠵᠢᠭᠠᠵᠤ ᠭᠠᠷᠭᠠᠭᠰᠠᠨᠴᠢᠯᠠᠨ᠄ ︽ᠪᠢᠳᠡ ᠢᠲᠡᠭᠡᠯ ᠵᠣᠷᠢᠭ ᠢᠶᠠᠨ ᠭᠤᠶᠢᠪᠢᠰᠢ ᠦᠭᠡᠢ ᠪᠠᠲᠤᠳᠬᠠᠵᠤ᠂ ᠵᠥᠷᠢᠴᠡᠯ | ᠠᠰᠠᠭᠤᠳᠠᠯ ᠠᠴᠠ ᠵᠠᠶᠢᠯᠠᠬᠤ ᠦᠭᠡᠢ ᠪᠠᠷ ᠰᠢᠭᠤᠳ ᠬᠠᠨᠳᠤᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠤᠬᠤᠷᠢᠯ ᠦᠭᠡᠢ ᠪᠠᠷ ᠠᠷᠭᠠᠴᠠᠭᠠᠳᠠᠭ ᠯᠡ | ᠶᠤᠮ ᠪᠣᠯ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠯᠠᠪᠲᠠᠢ ᠨᠡᠭᠡᠭᠡᠵᠦ ᠴᠢᠳᠠᠨ᠎ᠠ︕︾ | ᠪᠠᠶᠢᠭᠤᠯᠤᠯ ᠲᠣᠭᠲᠠᠭᠤᠨ ᠪᠣᠯᠪᠠᠰᠤ ᠤᠯᠤᠰ ᠣᠷᠣᠨ ᠲᠣᠭᠲᠠᠭᠤᠨ ᠪᠤᠯᠤᠮᠤᠢ᠂ ᠪᠠᠶᠢᠭᠤᠯᠤᠯ ᠬᠦᠴᠦᠷᠭᠡᠭ ᠪᠣᠯᠪᠠᠰᠤ ᠤᠯᠤᠰ ᠣᠷᠣᠨ ᠬᠦᠴᠦᠷᠬᠡᠭ | ᠪᠤᠯᠤᠮᠤᠢ᠃ 70 ᠭᠠᠷᠤᠢ ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ | ᠳᠤᠮᠳᠠᠳᠤ ᠤᠯᠤᠰ ᠤᠨ ᠡᠬᠡ ᠭᠠᠵᠠᠷ ᠲᠤ ᠪᠠᠲᠤ ᠦᠨᠳᠦᠰᠦᠯᠡᠵᠦ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠳᠦᠯᠭᠡ ᠳᠤ ᠭᠦᠨᠵᠡᠭᠡᠢ ᠠᠭᠤᠰᠤᠯᠴᠠᠵᠤ᠂ ︽ᠬᠤᠶᠠᠷ ᠶᠡᠭᠡ ᠭᠠᠶᠢᠬᠠᠮᠰᠢᠭ︾ ᠢ ᠡᠭᠦᠳᠬᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ | ᠥᠩᠭᠡᠷᠡᠭᠰᠡᠨ ᠨᠢᠭᠡ ᠵᠢᠯ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠳᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ | ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ | ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ | ᠬᠠᠮᠠᠭᠠᠯᠠᠵᠤ᠂ ᠴᠢᠨᠠᠷ ᠰᠠᠶᠢᠲᠠᠶ ᠬᠠᠤᠯᠢ ᠲᠣᠭᠲᠠᠭᠠᠯᠲᠠ ᠪᠠᠷ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠦᠢᠯᠡᠴᠢᠯᠡᠵᠤ᠂ ᠪᠦᠲᠦᠮᠵᠢᠲᠡᠢ | ᠬᠢᠨᠠᠯᠲᠠ ᠪᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠯᠴᠠᠭ᠎ᠠ ᠪᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ | ᠲᠠᠯ᠎ᠠ ᠳᠤ ᠦᠢᠯᠡᠴᠢᠯᠡᠵᠤ᠂ ᠡᠯ᠎ᠡ ᠵᠦᠢᠯ ᠤᠨ ᠠᠵᠢᠯ ᠰᠢᠨ᠎ᠡ ᠠᠬᠢᠯᠳᠠ ᠪᠠ ᠰᠢᠨ᠎ᠡ ᠦᠷ᠎ᠡ ᠪᠦᠲᠦᠮᠵᠢ ᠤᠯᠵᠤ᠂ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ | ᠤᠯᠤᠰ ᠤᠨ ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠳᠤ ᠨᠡᠶᠢᠴᠡᠭᠰᠡᠨ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠦᠭᠰᠡᠨ᠂ ᠠᠷᠠᠳ | ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠭᠰᠠᠨ ᠰᠠᠶᠢᠨ ᠪᠠᠶᠢᠭᠤᠯᠤᠯ ᠮᠥᠨ᠂ ᠪᠦᠬᠦ ᠠᠷᠠᠳ ᠲᠦᠮᠡᠨ ᠤ ᠬᠦᠴᠦᠨ ᠢ ᠪᠦᠲᠦᠮᠵᠢᠲᠡᠢ | ᠨᠢᠭᠲᠠᠷᠠᠭᠤᠯᠵᠤ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠴᠢᠳᠠᠬᠤ ᠰᠠᠶᠢᠨ ᠪᠠᠶᠢᠭᠤᠯᠤᠯ ᠮᠥᠨ ᠭᠡᠳᠡᠭ ᠢ | ᠦᠢᠯᠡᠳᠦᠯᠭᠡ ᠬᠠᠷᠠᠭᠤᠯᠪᠠ᠃ | ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠶᠢᠬᠠᠨ ᠵᠢᠷᠤᠭ | ᠳᠦᠷᠰᠦ ᠶᠢ ᠳᠡᠯᠭᠡᠨ ᠦᠵᠡᠭᠦᠯᠦᠭᠰᠡᠨ ᠪᠥᠭᠡᠳ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ᠃ ᠣᠳᠣᠬᠠᠨ ᠤ ᠳᠡᠯᠡᠬᠡᠢ | ᠵᠢᠷᠲᠢᠨᠴᠦ ᠳᠤ ᠬᠤᠪᠢᠰᠤᠯᠳᠠ ᠰᠠᠮᠠᠭᠤᠷᠠᠯ ᠰᠣᠯᠪᠢᠴᠠᠵᠤ᠂ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠰᠴᠤ᠂ ᠤᠷᠤᠭᠰᠢᠯᠠᠯᠲᠠ ᠶᠢᠨ | ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ ᠪᠣᠯᠤᠨ ᠲᠣᠭᠲᠠᠯᠭᠠᠳᠤ ᠪᠤᠰᠤ ᠬᠦᠴᠦᠨ ᠵᠦᠢᠯ ᠢ ᠢᠯᠠᠨ ᠳᠠᠪᠠᠭ᠋ᠤ ᠳᠤ᠂ ᠨᠡᠩ ᠴᠤ ︽ | ᠤᠷᠬᠢᠯ ᠳᠤᠷ ᠠᠪᠠᠷᠢᠬᠤ ᠳᠤ ᠪᠡᠷᠭᠡ ᠠᠴᠠ ᠦᠯᠤ ᠠᠶᠤᠬᠤ︾ ᠡᠷᠴᠢ ᠵᠣᠷᠢᠭ ᠪᠠᠶᠢᠬᠤ ᠬᠡᠷᠡᠭᠲᠡᠢ᠃ ᠠᠷᠠᠳ ᠲᠦᠮᠡᠨ ᠪᠣᠯ ᠲᠡᠦᠬᠡ ᠶᠢ ᠡᠭᠦᠳᠦᠨ | ᠪᠦᠲᠦᠭᠡᠭᠴᠢ ᠮᠥᠨ᠂ ᠠᠯᠢᠪᠠ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠭ᠋ᠤ ᠬᠠᠮᠤᠭ ᠤᠨ ᠶᠡᠭᠡ ᠲᠦᠰᠢᠭ ᠮᠥᠨ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ ᠤ ᠥᠪᠡᠷ ᠤᠨ ᠬᠢᠨᠢ ᠦᠢᠯᠡᠰ ᠮᠥᠨ᠂ ᠭᠠᠭᠴᠠ ᠬᠦ ᠠᠷᠠᠳ ᠲᠦᠮᠡᠨ ᠢ ᠴᠢᠩᠭ᠎ᠠ | ᠲᠦᠰᠢᠭᠯᠡᠪᠡᠯ ᠰᠠᠶ᠋ᠢ ᠲᠡᠦᠬᠡ ᠶᠢᠨ ᠰᠢᠨ᠎ᠡ ᠠᠭᠤᠤ ᠦᠢᠯᠡᠰ ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠨ᠎ᠠ᠃ ᠰᠢᠨ᠎ᠡ ᠠᠶᠠᠨ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠭᠡᠬᠦ ᠡᠨᠡ ᠬᠦ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ | ᠪᠠᠶᠢᠭᠤᠯᠤᠯ ᠤᠨ ᠠᠴᠢᠶᠠᠯᠠᠪᠤᠷᠢ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠠᠷᠠᠳ ᠲᠦᠮᠡᠨ ᠤ ᠬᠦᠰᠡᠯ | ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ | ᠥᠭᠴᠦ᠂ ᠡᠨᠡ ᠬᠦ ᠪᠠᠶᠢᠭᠤᠯᠤᠯ ᠤᠨ ᠢᠯᠡᠳᠲᠡ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠪᠠᠯ᠂ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ᠃ | ᠪᠦᠬᠦ ᠤᠯᠤᠰ ᠤᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠪᠣᠯ ᠮᠠᠨ ᠤ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ | ᠲᠤᠮᠤ ᠶᠠᠪᠤᠳᠠᠯ ᠮᠥᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠥᠯᠥᠪᠵᠢᠭᠦᠯᠬᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠥᠨ ᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠳᠠᠯ᠎ᠡ ᠪᠠᠷ ᠭᠦᠨᠵᠡᠭᠡᠶᠢᠷᠡᠭᠦᠯᠬᠦ | ᠴᠢᠬᠤᠯᠠ ᠨᠢᠭᠡ ᠵᠢᠯ ᠪᠣᠯᠤᠨ᠎ᠠ᠃ ᠵᠠᠩᠭᠢᠯᠠᠭ᠎ᠠ ᠶᠢᠨ ᠵᠢᠯ ᠳᠤ ᠵᠠᠩᠭᠢᠯᠠᠭ᠎ᠠ ᠶᠢᠨ ᠠᠷᠭ᠎ᠠ ᠪᠤᠳᠤᠯᠭ᠎ᠠ ᠶᠢ ᠰᠦᠪᠡᠭᠴᠢᠯᠡᠵᠦ᠂ ᠵᠠᠩᠭᠢᠯᠠᠭ᠎ᠠ ᠶᠢᠨ ᠠᠵᠢᠯ ᠢ ᠬᠢᠬᠦ | ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠡᠷᠬᠢᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠪᠤᠢ︖ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠣᠯᠤᠨ | ᠭᠠᠳᠠᠭᠠᠳᠤ ᠣᠷᠴᠢᠨ ᠤ ᠳᠠᠭᠠᠷᠢᠯᠳᠠ ᠶᠢ ᠬᠡᠷᠬᠢᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠳᠦᠯᠦᠨ ᠳᠠᠭᠠᠭᠤᠯᠬᠤ ᠪᠤᠢ︖ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠬᠡᠷᠬᠢᠨ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠪᠣᠶ︖ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ | ᠲᠣᠭᠤᠷᠢᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠪᠡᠯ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠯᠠᠪᠲᠠᠢ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠠᠴᠠ ᠣᠯᠭᠤᠭᠰᠠᠨ | ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠥᠷᠭᠡᠨ ᠤᠯᠠᠨ ᠲᠥᠯᠥᠭᠡᠯᠡᠭᠴᠢ ᠨᠠᠮ ᠪᠠ ᠤᠯᠤᠰ ᠠᠴᠠ ᠠᠷᠠᠳ ᠤᠯᠠᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠪᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ︽ᠰᠠᠶᠢᠨ ᠠᠷᠭ᠎ᠠ︾ ᠶᠢ ᠢᠯᠡᠭᠦᠬᠡᠨ ᠭᠠᠷᠭᠠᠵᠤ᠂ ᠳᠤᠮᠳᠠᠳᠤ | ᠤᠯᠤᠰ ᠤᠨ ᠬᠥᠭᠵᠢᠯᠲᠡ ᠲᠠᠪᠰᠢᠯᠳᠠ ᠶᠢᠨ ︽ᠢᠷᠠᠭᠤ ᠳᠠᠭᠤᠨ︾ ᠢ ᠳᠠᠮᠵᠢᠭᠤᠯᠬᠤ ᠶᠢ ᠬᠦᠰᠡᠵᠦ ᠪᠠᠶᠢᠨ᠎ᠠ᠃ | ᠠᠶᠠᠨ ᠵᠠᠮ ᠳᠤ ᠬᠦᠴᠢᠷ ᠪᠡᠷᠬᠡ ᠤᠯᠠᠨᠳᠠᠢ ᠴᠤ ᠯᠠᠪᠳᠠᠭᠤᠨ ᠪᠠᠲᠤᠲᠠᠶ ᠪᠠᠷ ᠢᠷᠡᠭᠡᠳᠦᠶ ᠵᠦᠭ ᠤᠷᠤᠭᠰᠢᠯᠠᠨ᠎ᠠ᠃ ᠠᠤᠭ᠎ᠠ ᠬᠠᠷᠠᠯᠲᠠ ᠲᠡᠶᠢᠰᠢ | ᠦᠷᠭᠦᠯᠵᠢᠯᠡᠨ ᠤᠷᠤᠭᠰᠢᠯᠠᠬᠤ ᠳᠤ ᠪᠢᠳᠡ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ᠂ ᠥᠷᠢᠰᠥᠯᠳᠦᠭᠡᠨ ᠢ ᠢᠯᠠᠨ ᠳᠠᠪᠠᠭ᠋ᠤ ᠪᠠᠲᠤ ᠴᠢᠩᠭ᠎ᠠ | ᠲᠤᠯᠭᠠᠭᠤᠷᠢᠯᠠᠯ ᠲᠠᠢ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠦᠴᠦᠷᠬᠡᠭ ᠶᠡᠭᠡ ᠢᠳᠡ ᠬᠦᠴᠦᠨ ᠲᠠᠢ ᠶᠤᠮ᠃ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ | ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠂ ᠵᠠᠮ ᠨᠡᠭᠡᠭᠡᠨ ᠤᠷᠤᠭᠰᠢᠯᠠᠨ ᠳᠡᠪᠰᠢᠵᠦ᠂ ᠰᠢᠷᠭᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ | ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠵᠥᠩᠨᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠬᠢᠯᠭᠠᠨ ᠮᠡᠳᠡᠭᠡ︶ |