| 3 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠬᠤᠷᠠᠯᠳᠤᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠸᠠᠩ ᠵᠢᠶᠦ᠋ᠨ ᠵᠢᠶᠧ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ | ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠨᠥᠬᠦᠳ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ᠃ | | | | | | | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠸᠠᠩ ᠰᠢᠨ ᠬᠤᠷᠠᠯ ᠡᠷᠭᠢᠯᠡᠪᠡ᠃ | ᠰᠣᠶᠣᠯᠲᠤ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ | | | | | | | | ᠰᠣᠶᠣᠯᠲᠤ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ | ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠲᠥᠷᠥᠯ ᠵᠦᠢᠯ ᠢ ᠮᠥᠷᠳᠡᠨ | ᠨᠠᠶᠢᠳᠠᠪᠤᠷᠢᠵᠢᠭᠤᠯᠬᠤ ᠪᠢᠲᠡᠭᠦᠮᠵᠢᠯᠡᠭᠰᠡᠨ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠦ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ | ᠨᠠᠷᠢᠯᠢᠭ ᠣᠨᠣᠴᠠᠲᠠᠶ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠬᠡᠷᠡᠭᠵᠢᠭᠦᠯᠦᠯᠲᠡ ᠶᠢ ᠪᠣᠳᠠᠲᠠᠶᠢᠵᠢᠭᠤᠯᠬᠤ᠂ ᠥᠭᠡᠷᠡᠲᠦᠭᠦᠯᠬᠦ ᠥᠬᠡᠶ᠂ | ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ᠂ | ᠲᠤᠰᠬᠠᠶ ᠬᠢᠨᠠᠨ ᠪᠤᠳᠤᠬᠤ ᠵᠡᠷᠭᠡ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠬᠠᠷᠢᠴᠠᠭᠤᠯᠤᠨ᠂ ᠬᠦᠷᠦᠯᠴᠡᠬᠦ | ᠥᠬᠡᠶ ᠲᠠᠯ᠎ᠠ ᠪᠠᠨ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠩᠭᠤᠵᠢᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ | ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ | ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠰᠢᠰᠲ᠋ᠧᠮ ᠤᠨ ᠴᠡᠭᠴᠡᠯᠡᠨ ᠵᠠᠰᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠦᠨᠳᠦᠰᠦᠨ ᠱᠠᠳᠤ ᠪᠣᠯᠤᠨ ᠤᠯᠠᠨ ᠲᠦᠮᠡᠨ ᠢ ᠬᠠᠷᠰᠢᠯᠠᠵᠤ ᠪᠠᠶᠢᠭ᠎ᠠ ᠰᠤᠷᠲᠠᠯ ᠤᠨ ᠢᠯᠵᠠᠷᠠᠯ ᠤᠨ ᠠᠷᠬᠠᠭ ᠭᠡᠮ ᠢ ᠭᠦᠨᠵᠡᠭᠡᠢ | ᠴᠡᠭᠴᠡᠯᠡᠨ ᠵᠠᠰᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ | ᠡᠭᠦᠷᠭᠡᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠪᠦᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠪᠡ᠃ | ᠸᠠᠩ ᠰᠢᠨ ᠠᠴᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ | ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃ | ᠬᠤᠷᠠᠯ ᠳᠤ ᠣᠷᠣᠯᠴᠠᠭᠰᠠᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | |