ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠦᠯᠬᠦᠮ ᠳᠤᠭᠤᠶᠢᠯᠠᠩ ᠤᠨ ᠨᠡᠭᠡᠭᠡᠯᠲᠡ ᠬᠢᠬᠦ ᠠᠵᠢᠯᠯᠠᠭ᠎ᠠ ᠦᠷᠨᠢᠭᠦᠯᠵᠡᠢ | ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ ᠸᠠᠩ ᠯᠢ ᠰᠢᠶᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ | ᠂ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠲᠥᠰᠦᠯ᠂ ᠲᠥᠰᠦᠪ ᠤᠨ ᠮᠡᠳᠡᠭᠦᠯᠦᠯᠲᠡ ᠪᠣᠯᠤᠨ ᠲᠥᠰᠦᠯ ᠢ ᠬᠢᠨᠠᠨ ᠪᠠᠶᠢᠴᠠᠭᠠᠪᠠ᠃ ᠲᠤᠰ ᠤᠳᠠᠭ᠎ᠠ ᠶᠢᠨ | ᠪᠦᠬᠦᠳᠡ ᠬᠤᠷᠠᠯ ᠨᠢ ᠪᠦᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ | ᠨᠡᠭᠡᠭᠡᠯᠲᠡ ᠬᠢᠪᠠ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠤᠨ ᠪᠦᠯᠬᠦᠮ ᠤᠨ ᠳᠡᠳ᠋ | ᠳᠠᠷᠤᠭ᠎ᠠ ᠸᠠᠩ ᠯᠢ ᠰᠢᠶᠠ ᠪᠦᠬᠦᠳᠡ ᠬᠤᠷᠠᠯ ᠢ ᠡᠷᠬᠢᠯᠡᠪᠡ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠯᠢᠦ ᠶᠢᠨ ᠹᠧᠩ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠶᠡᠭᠡ ᠬᠤᠷᠠᠯ ᠤᠨ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ | ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ | | | | | | | | | | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠬᠦᠳᠡ ᠬᠤᠷᠠᠯ | ᠬᠢᠭᠰᠡᠨ ᠪᠦᠭᠡᠳ ᠪᠦᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠤᠷᠤᠯᠴᠠᠵᠤ ᠪᠠᠶᠢᠭ᠎ᠠ ᠲᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ | ᠨᠡᠭᠡᠭᠡᠯᠳᠡ ᠬᠢᠪᠡ᠃ | ᠲᠤᠰ ᠰᠤᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠥᠪᠥᠷ ᠮᠣᠩᠭᠤᠯ ᠢ ᠭᠦᠨᠵᠡᠭᠡᠢ ᠣᠶᠢᠯᠠᠭᠠᠵᠤ᠂ ᠥᠪᠥᠷ ᠮᠣᠩᠭᠤᠯ ᠢ ᠪᠦᠬᠦ ᠲᠠᠯ᠎ᠠ ᠪᠠᠷ ᠮᠡᠳᠡᠭᠡᠯᠡᠬᠦ ᠶᠢᠨ ᠲᠥᠯᠥᠭᠡ᠂ ᠠᠷᠠᠳ ᠤᠨ ᠡᠳᠦᠷ ᠤᠨ | ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠫᠧᠩ ᠪᠥᠸᠧ ᠰᠣᠨᠢᠨ ᠮᠡᠳᠡᠭᠡᠨ ᠤ ᠬᠤᠷᠢᠶ᠎ᠠ᠂ ᠷᠦᠲ᠋ᠤᠷ ᠬᠤᠷᠢᠶ᠎ᠠ᠂ ᠮᠣᠩᠭᠤᠯ ᠤᠨ ᠰᠣᠨᠢᠨ ᠮᠡᠳᠡᠭᠡᠨ ᠤ | ᠰᠦᠯᠵᠢᠶ᠎ᠡ᠂ ᠰᠢᠶᠠᠩᠭᠠᠩ ᠤᠨ ᠳ᠋ᠠᠭᠦ᠋ᠩ ᠸᠧᠨ ᠬᠤᠢ ᠰᠤᠨᠢᠨ ᠵᠡᠷᠭᠡ ᠳᠤᠮᠳᠠᠳᠤ ᠭᠠᠳᠠᠭᠠᠳᠤ ᠶᠢᠨ 29 ᠵᠠᠭᠤᠴᠢᠯᠠᠭᠤᠷ ᠤᠨ 57 ᠰᠤᠷᠪᠤᠯᠵᠢᠯᠠᠭᠴᠢ ᠠᠯᠢ | ᠡᠷᠲᠡ ᠬᠤᠷᠠᠯ ᠤᠨ ᠲᠠᠯᠠᠪᠠᠢ ᠳᠤ ᠬᠦᠷᠴᠦ᠂ ᠰᠤᠷᠪᠤᠯᠵᠢᠯᠠᠭᠴᠢ ᠶᠢᠨ ᠲᠣᠭᠤᠷᠢᠭ ᠲᠤ ᠲᠦᠭᠦᠷᠲᠡᠯ᠎ᠡ ᠰᠠᠭᠤᠯᠴᠠᠵᠡᠢ᠃ | ᠳ᠋ᠥ᠋ ᠬᠤᠢ ᠯᠢᠶᠠᠩ᠂ ᠸᠠᠩ ᠼᠠᠢ ᠶᠦᠨ᠂ ᠰᠢᠩ ᠵᠢᠶᠤ ᠬᠤᠩ᠂ ᠵᠶᠢ ᠶᠦᠩ ᠴᠢᠶᠠᠨ᠂ ᠰᠦᠨ ᠵᠢᠩ᠂ ᠡᡁᠤ ᠮᠠᠶᠢᠯᠠᠰᠦ᠂ ᠤᠤ ᠬᠤᠢ ᠷᠠᠨ᠂ ᠵᠤᠤ | ᠬᠤᠢ ᠵᠢᠶᠤ ᠵᠡᠷᠭᠡ ᠲᠥᠯᠥᠭᠡᠯᠡᠭᠴᠢ ᠤᠷᠢᠳ ᠬᠤᠵᠢᠳ ᠬᠢᠨᠠᠨ ᠵᠥᠪᠯᠡᠬᠦ ᠦᠭᠡ ᠬᠡᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠲᠥᠰᠦᠯ᠂ | ᠲᠥᠰᠦᠪ ᠤᠨ ᠮᠡᠳᠡᠭᠦᠯᠦᠯᠲᠡ ᠪᠣᠯᠤᠨ ᠲᠥᠰᠦᠯ ᠢ ᠵᠥᠪᠰᠢᠶᠡᠷᠡᠵᠦ ᠪᠠᠶᠢᠬᠤ ᠪᠠᠨ ᠰᠠᠨᠠᠯ ᠨᠢᠭᠡᠲᠡᠢ ᠢᠯᠡᠳᠭᠡᠵᠡᠭᠡᠪᠡ᠃ | ᠬᠢᠨᠠᠨ ᠵᠥᠪᠯᠡᠵᠦ ᠳᠠᠭᠤᠰᠤᠭᠰᠠᠨ ᠤ ᠳᠠᠷᠠᠭ᠎ᠠ᠂ ᠲᠥᠯᠥᠭᠡᠯᠡᠭᠴᠢᠳ ᠤᠨ ᠪᠦᠯᠬᠦᠮ ᠬᠠᠮᠲᠤ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠶᠠᠪᠤᠬᠳᠠᠭᠤᠯᠵᠤ᠂ | ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠵᠧᠩ ᠬᠤᠩ ᠹᠠᠨ ᠠᠵᠢᠯᠯᠠᠭ᠎ᠠ ᠶᠢ ᠡᠷᠭᠢᠯᠡᠪᠡ᠃ | 16 ᠴᠠᠭ 30 ᠮᠢᠨᠦ᠋ᠲ ᠲᠤ᠂ ᠲᠤᠬᠠᠢ ᠶᠢᠨ ᠲᠠᠯᠠᠪᠠᠢ ᠳᠤ ᠠᠰᠠᠭᠤᠯᠲᠠ ᠠᠰᠠᠭᠤᠵᠤ ᠡᠬᠢᠯᠡᠪᠡ᠃ 2024 ᠣᠨ ᠳᠤ ᠥᠪᠥᠷ ᠮᠣᠩᠭᠤᠯ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠦᠷ᠎ᠡ ᠪᠦᠲᠦᠮᠵᠢ | ᠣᠯᠣᠭᠰᠠᠨ ᠪᠣᠶ︖ ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠨᠢ ᠤᠳᠠᠭ᠎ᠠ ᠪᠦᠷᠢ | ᠴᠦᠮ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠠᠳᠬᠢᠯ ᠳᠡᠭᠡᠨ ᠬᠦᠨ ᠪᠤᠳᠤᠵᠤ᠂ ᠴᠢᠨᠠᠷ ᠰᠠᠶᠢᠲᠠᠢ ᠬᠥᠭᠵᠢᠯᠲᠡ ᠳᠤ ᠬᠦᠨᠳᠤ ᠬᠦᠰᠡᠯ | ᠨᠠᠶᠢᠳᠠᠯᠭ᠎ᠠ ᠲᠠᠯᠪᠢᠭᠰᠠᠨ ᠪᠠᠶᠢᠨ᠎ᠠ᠃ ᠪᠢᠳᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠤᠭᠤᠷᠢᠨ ᠳᠤ᠂ ᠬᠡᠷᠡᠭᠵᠢᠭᠦᠯᠬᠦ ᠲᠥᠰᠥᠯ ᠲᠣᠭᠲᠠᠭᠠᠵᠤ᠂ | ᠠᠬᠢᠭᠤᠯᠬᠤ ᠳᠦᠷᠢᠮ ᠢ ᠨᠡᠶᠢᠲᠡᠯᠡᠨ᠂ ᠵᠢᠯ ᠪᠦᠷᠢ ᠡᠭᠦᠷᠭᠡ ᠶᠢᠨ ᠨᠠᠷᠢᠨ ᠳᠠᠩᠰᠠ ᠭᠠᠷᠭᠠᠵᠤ᠂ ᠨᠢᠭᠡ ᠵᠢᠷᠤᠭ ᠲᠥᠰᠥᠪ ᠢ ᠡᠴᠦᠰ ᠲᠦᠨᠢ ᠲᠤᠯᠲᠠᠯ᠎ᠠ | ᠵᠢᠷᠤᠭᠯᠠᠨ᠂ ᠥᠷᠯᠥᠭᠡ ᠦᠳᠡᠰᠢ ᠶᠢ ᠲᠡᠮᠡᠴᠡᠨ ᠨᠠᠶᠢᠳᠠᠪᠤᠷᠢᠵᠢᠭᠤᠯᠤᠯᠲᠠ ᠶᠢ ᠠᠳᠬᠤᠪᠠ᠂ ᠭᠤᠣᠯ ᠦᠷ᠎ᠡ ᠪᠦᠲᠦᠮᠵᠢ ᠶᠢ ︽ᠲᠠᠪᠤᠨ ᠰᠢᠨ᠎ᠡ︾ ᠪᠠᠷ | ᠬᠤᠷᠢᠶᠠᠩᠭᠤᠶᠢᠯᠠᠵᠤ ᠪᠣᠯᠣᠨ᠎ᠠ᠃ ᠨᠢᠭᠡ ᠳᠤ᠂ ᠬᠥᠭᠵᠢᠯᠲᠡ ᠶᠢᠨ ᠬᠠᠨᠳᠤᠰᠢ ᠰᠢᠨ᠎ᠡ ᠪᠠᠶᠢᠳᠠᠯ ᠲᠠᠢ ᠪᠣᠯᠵᠤ᠂ ᠭᠤᠣᠯ ᠪᠤᠯᠬᠤ ᠠᠵᠤ ᠠᠬᠤᠢ ᠶᠢᠨ | ᠬᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ 3 ᠵᠢᠯ ᠳᠠᠷᠠᠭᠠᠯᠠᠨ ᠪᠦᠬᠦ ᠤᠯᠤᠰ ᠤᠨ ᠲᠦᠷᠦᠬᠦᠨ ᠤ ᠡᠩᠨᠡᠭᠡ ᠳᠤ ᠣᠷᠣᠵᠤ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ 5 ᠵᠢᠯ ᠤᠨ ᠲᠠᠷᠠᠭ᠎ᠠ ᠲᠠᠬᠢᠭᠠᠳ ᠪᠦᠬᠦ ᠤᠯᠤᠰ ᠤᠨ ᠳᠤᠮᠳᠠ ᠲᠦᠪᠰᠢᠨ ᠳᠤ ᠤᠷᠤᠪᠠ᠃ ᠬᠤᠶᠠᠷ ᠲᠤ᠂ ᠶᠡᠭᠡ ᠲᠠᠯ᠎ᠠ ᠶᠢ ᠪᠠᠲᠤᠯᠠᠬᠤ | ᠲᠠᠯ᠎ᠠ ᠪᠠᠷ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ᠂ ᠴᠠᠬᠢᠯᠭᠠᠨ ᠬᠦᠴᠦᠨ ᠤ ᠭᠠᠳᠠᠭᠰᠢ ᠬᠦᠷᠭᠡᠬᠦ | ᠬᠡᠮᠵᠢᠶ᠎ᠡ ᠵᠢᠴᠢ ᠦᠬᠡᠷ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠪᠥᠬᠦ ᠤᠯᠤᠰ ᠤᠨ ᠨᠢᠭᠡᠳᠦᠭᠡᠷ ᠲᠤ ᠤᠷᠤᠬᠤ ᠶᠢ ᠪᠠᠲᠤᠯᠠᠵᠤ᠂ ᠵᠢᠯ ᠪᠦᠷᠢ | ᠬᠠᠭᠠᠰ ᠠᠴᠠ ᠳᠡᠭᠡᠭᠰᠢᠬᠢ ᠠᠮᠤ ᠪᠤᠳᠠᠭ᠎ᠠ᠂ ᠮᠢᠬ᠎ᠠ᠂ ᠰᠦ ᠶᠢ ᠪᠥᠬᠦ ᠤᠯᠤᠰ ᠲᠤ ᠬᠠᠩᠭᠠᠵᠤ᠂ ᠨᠠᠩ ᠣᠯᠠᠨ ᠮᠤᠵᠢ ᠥᠪᠥᠷ ᠮᠣᠩᠭᠤᠯ ᠤᠨ ᠪᠣᠬᠢᠷᠲᠤᠯ | ᠦᠭᠡᠢ ᠡᠨᠧᠷᠭᠢ ᠶᠢ ᠬᠡᠷᠡᠭᠯᠡᠵᠦ᠂ ᠨᠠᠩ ᠣᠯᠠᠨ ᠬᠥᠮᠥᠨ ᠥᠪᠥᠷ ᠮᠣᠩᠭᠤᠯ ᠤᠨ ᠪᠣᠬᠢᠷᠲᠤᠯ ᠦᠭᠡᠢ ᠢᠳᠡᠭᠡᠨ ᠢ ᠢᠳᠡᠵᠦ᠂ ᠨᠠᠩ ᠣᠯᠠᠨ ᠠᠵᠤ ᠠᠬᠤᠶᠢᠯᠠᠯ | ᠥᠪᠥᠷ ᠮᠣᠩᠭᠤᠯ ᠤᠨ ᠪᠣᠬᠢᠷᠲᠤᠯ ᠦᠭᠡᠢ ᠪᠤᠳᠤᠯᠲᠠ ᠶᠢᠨ ᠬᠦᠴᠦᠨ ᠢ ᠬᠡᠷᠡᠭᠯᠡᠵᠦ ᠪᠠᠶᠢᠨ᠎ᠠ᠃ ᠭᠤᠷᠪᠠ ᠳᠤ᠂ ᠠᠵᠤ ᠦᠢᠯᠡᠰ ᠤᠨ ᠪᠦᠲᠦᠴᠡ ᠳᠤ ᠰᠢᠨ᠎ᠡ | ᠬᠤᠪᠢᠷᠠᠯᠲᠠ ᠭᠠᠷᠴᠤ᠂ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 8.2% ᠢᠶᠠᠷ ᠨᠡᠮᠡᠭᠳᠡᠵᠦ᠂ ᠪᠦᠬᠦ ᠠᠵᠤ | ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ 60% ᠶᠢ ᠳᠠᠪᠠᠵᠤ᠂ ︽ᠨᠡᠭᠦᠷᠡᠰᠦ ᠪᠠᠷ ᠭᠤᠣᠯ ᠪᠣᠯᠭᠠᠭᠰᠠᠨ︾᠂ ︽ᠨᠡᠭᠦᠷᠡᠰᠦ ᠪᠠᠷ ᠬᠦᠭᠵᠢᠵᠤ | ᠪᠠᠭᠤᠷᠠᠬᠤ ᠶᠢ ᠲᠤᠬᠳᠠᠭᠠᠵᠤ ᠪᠠᠶᠢᠬᠰᠠᠨ︾ ᠪᠠᠶᠢᠳᠠᠯ ᠳᠤ ᠨᠢᠭᠡᠨᠲᠡ ᠬᠤᠪᠢᠷᠠᠯᠲᠠ ᠭᠠᠷᠴᠠᠢ᠃ ᠳᠥᠷᠪᠡ ᠳᠤ᠂ ᠠᠮᠢ ᠠᠬᠤᠢ ᠶᠢᠨ ᠵᠠᠰᠠᠯᠲᠠ ᠰᠢᠨ᠎ᠡ | ᠰᠢᠪᠲᠤᠯᠤᠯᠲᠠ ᠲᠠᠢ ᠪᠣᠯᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠣᠨ ᠤ | ᠪᠡᠶᠡᠯᠡᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠥᠬᠦ ᠤᠯᠤᠰ ᠤᠨ 45.8% ᠶᠢ ᠡᠵᠡᠯᠡᠵᠦ᠂ ᠨᠤᠲᠤᠭ ᠪᠡᠯᠴᠢᠭᠡᠷ ︽ᠴᠠᠯᠢᠩ ᠲᠠᠢ ᠠᠮᠠᠷᠠᠬᠤ︾ | ᠳᠤᠮᠳᠠ ᠰᠡᠷᠭᠦᠨ ᠰᠠᠶᠢᠵᠢᠷᠠᠵᠤ᠂ ᠭᠠᠵᠠᠷ ᠰᠢᠷᠣᠢ᠂ ᠤᠰᠤ ᠵᠡᠷᠭᠡ ᠡᠬᠢ ᠪᠠᠶᠠᠯᠢᠭ ᠢ ᠠᠷᠪᠢᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ | ᠲᠠᠪᠤ ᠳᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠰᠢᠨ᠎ᠡ ᠳᠦᠷᠰᠦ ᠪᠠᠶᠢᠳᠠᠯ ᠢᠯᠡᠷᠡᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠠᠮᠢᠳᠤᠷᠠᠯ ᠵᠢᠯ ᠠᠴᠠ ᠵᠢᠯ ᠦᠬᠡᠳᠡᠯᠡᠨ ᠰᠠᠶᠢᠵᠢᠷᠠᠵᠤ᠂ ︽ᠨᠠᠮ ᠤᠨ ᠠᠴᠢ ᠳᠤ ᠳᠠᠯᠠᠷᠬᠠᠵᠦ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠨ | ᠤᠷᠤᠭᠰᠢᠯᠠᠬᠤ︾ ᠨᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠤ᠂ ᠶᠠᠭ ᠮᠣᠩᠭᠤᠯ ᠦᠨᠳᠦᠰᠦᠲᠡᠨ ᠤ ᠵᠦᠢᠷ ᠰᠡᠴᠡᠨ ᠦᠭᠡᠨ ᠳᠤ ᠬᠡᠯᠡᠭᠰᠡᠨ | ᠰᠢᠭ ᠢᠶᠠᠷ ︽ᠨᠡᠷᠨ ᠪᠠᠨ ᠲᠠᠭᠠᠪᠠᠯ ᠳᠠᠭᠠᠷᠠᠬᠤ ᠦᠭᠡᠢ᠂ ᠨᠠᠮ ᠢᠶᠠᠨ ᠳᠠᠭᠠᠪᠠᠯ ᠪᠤᠷᠤᠭᠤᠳᠠᠬᠤ ᠦᠭᠡᠢ︾᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠲᠡᠰᠪᠦᠷᠢ ᠬᠠᠲᠠᠭᠤᠵᠢᠯᠲᠠᠢ ᠪᠠᠷ᠂ ᠴᠤᠴᠠᠯᠲᠠ ᠦᠭᠡᠢ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ | ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠪᠡ᠃ | ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠰᠤᠷᠪᠤᠯᠵᠢᠯᠠᠭᠴᠢᠳ ᠡᠨᠧᠷᠭᠢ ᠶᠢᠨ ᠠᠵᠤ ᠦᠢᠯᠡᠰ ᠤᠨ ᠲᠠᠰ | ᠳᠡᠪᠰᠢᠬᠦ ᠶᠢ ᠠᠬᠢᠭᠤᠯᠬᠤ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ᠂ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠮᠣᠩᠭᠤᠯ ᠳᠤᠮᠳᠠᠳᠤ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ | ᠴᠢᠩᠭᠠᠳᠬᠠᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ ᠠᠩᠬᠠᠷᠴᠤ | ᠪᠠᠶᠢᠭ᠎ᠠ ᠠᠰᠠᠭᠤᠳᠠᠯ ᠤᠨ ᠲᠣᠭᠤᠷᠢᠨ ᠳᠤ ᠠᠰᠠᠭᠤᠨ ᠰᠤᠷᠪᠤᠯᠵᠢᠯᠠᠪᠠ᠃ ᠶᠠᠩ ᠶᠢᠨ᠂ ᠶᠢᠨ ᡁᠢ ᠵᠢᠶᠦ᠋ᠨ᠂ ᠭᠦᠩ ᠮᠢᠩ ᠵᠦ᠂ ᠯᠦᠸᠧ ᠴᠢᠩ᠂ ᠾᠧ | ᠬᠠᠢ ᠳ᠋ᠦᠩ᠂ ᠰᠢᠤᠢ ᠵᠢᠶᠠᠨ ᠰᠢᠩ᠂ ᠮᠤᠩ ᠹᠠᠨ ᠵᠢᠩ ᠵᠡᠷᠭᠡ ᠲᠥᠯᠥᠭᠡᠯᠡᠭᠴᠢ ᠠᠭᠤᠯᠭ᠎ᠠ ᠪᠠᠶᠠᠯᠢᠭ ᠦᠨᠡᠨᠴᠢ ᠪᠤᠳᠠᠳᠠᠢ ᠬᠠᠷᠢᠭᠤᠯᠲᠠ ᠥᠭᠴᠦ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ | ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠤᠭᠰᠠᠨ ᠲᠤᠬᠠᠢ ᠠᠳᠠᠯᠢ | ᠪᠤᠰᠤ ᠬᠠᠷᠠᠭᠠᠰᠤ ᠠᠴᠠ ᠥᠷᠭᠡᠨ ᠬᠦᠨᠵᠡᠭᠡᠢ ᠲᠠᠨᠢᠯᠴᠠᠭᠤᠯᠪᠠ᠃ |