ᠸᠠᠩ ᠬᠤ᠋ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠤᠷᠤᠯᠴᠠᠵᠠᠢ | ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ | ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ | ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠶ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠲᠤᠬᠠᠢ ᠬᠡᠷᠡᠭᠴᠡᠭᠡ | ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠳᠠᠬᠢ | ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠴᠢᠳᠠᠪᠤᠷᠢᠲᠠᠨ ᠴᠣᠯᠭᠤᠷᠠᠨ ᠭᠠᠷᠬᠤ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ᠂ | ᠴᠢᠳᠠᠪᠦᠷᠢ ᠶᠢᠨ ᠬᠢᠷᠢ ᠪᠠᠷ ᠨᠢ ᠬᠡᠷᠡᠭᠯᠡᠬᠦ ᠠᠮᠢᠳᠤᠯᠢᠭ ᠪᠠᠶᠢᠳᠠᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠡᠮᠡᠭᠲᠡᠢ ᠲᠥᠯᠥᠭᠡᠯᠡᠭᠴᠢ | ᠂ ᠡᠮᠡᠭᠲᠡᠢ ᠭᠡᠰᠢᠭᠦᠨ᠂ ᠡᠮᠡᠭᠲᠡᠢ ᠠᠵᠢᠯᠳᠠᠨ᠂ ᠪᠦᠬᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ | ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠡᠮᠡᠭᠲᠡᠶᠢᠴᠤᠳ ᠪᠣᠯᠤᠨ ᠭᠠᠳᠠᠭᠠᠳᠤ ᠳᠤ ᠪᠠᠶᠢᠭ᠎ᠠ | ᠡᠮᠡᠭᠲᠡᠢ ᠬᠠᠷᠢᠶᠠᠲᠤ ᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠡᠷᠬᠢᠨ ᠦᠵᠡᠬᠦ ᠪᠠ ᠶᠠᠷᠢᠯᠴᠠᠬᠤ ᠳᠤ | ᠣᠷᠣᠯᠴᠠᠵᠡᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠵᠠᠩ ᠶᠦᠨ ᠺᠠᠶ᠂ ᠼᠠᠢ ᠭᠤᠸᠠᠩ ᠵᠢᠶᠧ᠂ ᠵᠧᠩ ᠵᠢᠶᠠ ᠵᠢᠶᠠᠨ᠂ ᠰᠢᠤᠢ ᠺᠦᠨ᠂ ᠼᠦᠢ ᠶᠠ ᠯᠢ᠂ | ᠮᠠ ᠵᠢᠩ ᠯᠢᠨ ᠵᠡᠷᠭᠡ 6 ᠭᠡᠰᠢᠭᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠨ | ᠬᠥᠭᠵᠢᠬᠦ ᠶᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠡᠦᠬᠡᠳ ᠵᠠᠯᠠᠭᠤᠴᠤᠳ | ᠪᠠᠭᠠᠴᠤᠳ ᠤᠨ ᠤᠩᠰᠢᠯᠭ᠎ᠠ ᠶᠢᠨ ᠠᠮᠢ ᠠᠬᠤᠶ ᠶᠢ ᠴᠣᠭᠴᠠᠯᠠᠬᠤ᠂ ᠤᠯᠤᠰ ᠤᠨ ᠰᠤᠷᠭᠠᠨ ᠬᠥᠮᠦᠵᠢᠯ ᠤᠨ ᠣᠶᠤᠨᠴᠢ ᠰᠦᠯᠵᠢᠶᠡᠨ ᠤ ᠪᠠᠶᠢᠭᠤᠯᠤᠯᠲᠠ ᠶᠢ | ᠠᠬᠢᠭᠤᠯᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ | ᠠᠬᠢᠭᠤᠯᠬᠤ᠂ ᠰᠤᠷᠭᠠᠭᠤᠯᠢ ᠶᠢᠨ ᠬᠢᠴᠢᠶᠡᠯ ᠳᠤ ᠲᠦᠰᠢᠭᠯᠡᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠤᠯᠠᠨ ᠤ ᠬᠡᠯᠡᠭᠰᠡᠨ ᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ ᠲᠠᠢ ᠬᠠᠮᠲᠤ ᠶᠠᠷᠢᠯᠴᠠᠵᠤ᠂ | ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠪᠡ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠡ ᠶᠢ ᠲᠦᠯᠦᠭᠡᠯᠡᠨ᠂ ᠠᠳᠡ ᠰᠠᠭᠤᠵᠤ ᠪᠠᠶᠢᠭ᠎ᠠ ᠭᠡᠰᠢᠭᠦᠳ ᠲᠤ᠂ ᠮᠦᠨ ᠴᠦ ᠥᠷᠭᠡᠨ ᠤᠯᠠᠨ ᠠᠷᠠᠳᠴᠢᠯᠠᠭᠰᠠᠨ ᠬᠤᠯᠪᠣᠭ᠎ᠠ᠂ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠪᠦᠷᠢᠯᠳᠦᠭᠦᠨ ᠪᠠ ᠰᠤᠷᠭᠠᠨ ᠬᠥᠮᠦᠵᠢᠯ ᠤᠨ ᠡᠲᠡᠭᠡᠳ ᠤᠨ ᠬᠥᠮᠥᠰ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | | | | | | | | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ | ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠭᠰᠠᠨ ᠬᠤᠯᠪᠣᠭ᠎ᠠ᠂ | ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠶ᠃ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠸᠠᠩ ᠬᠤ᠋ ᠨᠢᠩ᠂ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ | ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ | ᠪᠦᠷᠢᠯᠳᠦᠭᠦᠨ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠨᠡᠶᠢᠭᠡᠮ ᠤᠨ ᠦᠢᠯᠡᠴᠢᠯᠡᠭᠡ ᠳᠤ ᠣᠷᠣᠯᠴᠠᠵᠤ᠂ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ ᠥᠷᠭᠡᠨ ᠤᠯᠠᠨ ᠰᠤᠷᠭᠠᠨ | ᠬᠥᠮᠦᠵᠢᠯ ᠤᠨ ᠡᠲᠡᠭᠡᠳ ᠤᠨ ᠬᠥᠮᠥᠰ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ︽ | ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠶᠢ ᠠᠬᠢᠭᠤᠯᠬᠤ ᠳᠤ ᠰᠢᠨ᠎ᠡ ᠠᠯᠬᠤᠮ ᠢ | ᠠᠯᠬᠤᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠰᠤᠷᠭᠠᠭᠤᠯᠢ ᠡᠷᠭᠢᠯᠡᠬᠦ ᠵᠥᠪ ᠴᠢᠭᠯᠡᠯ ᠢ ᠪᠠᠷᠢᠮᠲᠠᠯᠠᠵᠤ᠂ ᠶᠣᠰᠣ ᠮᠣᠷᠠᠯ ᠣᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ | ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠤ ᠬᠥᠮᠦᠵᠢᠯ ᠢ ᠤᠶᠤᠨ ᠤ ᠬᠥᠮᠦᠵᠢᠯ᠂ | ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ᠂ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠣᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠶᠢ ᠵᠡᠷᠭᠡ ᠪᠠᠷ ᠤᠷᠤᠭᠰᠢᠯᠠᠭᠤᠯᠬᠤ ᠶᠢ | ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ︽ᠪᠠᠭ᠎ᠠ ᠬᠢᠴᠢᠶᠡᠯ ᠤᠨ ᠲᠠᠩᠬᠢᠮ︾ ᠪᠣᠯᠣᠨ ᠨᠡᠶᠢᠭᠡᠮ ᠤᠨ ︽ᠶᠡᠭᠡ ᠬᠢᠴᠢᠶᠡᠯ ᠤᠨ | ᠲᠠᠩᠬᠢᠮ︾ ᠢ ᠪᠦᠲᠦᠮᠵᠢᠲᠡᠢ ᠠᠭᠤᠰᠤᠯᠴᠠᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ ᠬᠡᠷᠡᠭᠲᠡᠢ | ᠭᠡᠵᠤ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠰᠠᠶᠢᠲᠤᠷ ᠡᠷᠭᠢᠯᠡᠬᠦ ᠶᠢᠨ ᠦᠨᠳᠦᠰᠦ ᠨᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠤᠢ᠃ | ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠳᠣᠬᠢᠭᠤᠷ ᠤᠨ ᠦᠢᠯᠡᠳᠦᠯ ᠢ ᠪᠦᠲᠦᠮᠵᠢᠲᠡᠢ | ᠪᠠᠳᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠡᠵᠡᠨ | ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠤᠷᠭᠠᠨ ᠬᠥᠮᠦᠵᠢᠯ ᠢ ᠵᠠᠰᠠᠬᠤ ᠪᠠ ᠬᠠᠮᠢᠶᠠᠷᠬᠤ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠣᠳᠣᠬᠢᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠠᠮᠠ ᠶᠢᠨ ᠪᠦᠲᠦᠴᠡ ᠶᠢᠨ | ᠬᠤᠪᠢᠷᠠᠯᠲᠠ ᠳᠤ ᠵᠣᠬᠢᠴᠠᠵᠤ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠨᠢᠭᠡᠳᠦᠯᠲᠡᠢ ᠲᠥᠯᠥᠪᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠨᠡᠶᠢᠭᠡᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠨᠡᠩ ᠵᠦᠢ ᠵᠣᠬᠢᠰᠲᠠᠢ ᠥᠨᠳᠥᠷ ᠪᠦᠲᠦᠮᠵᠢᠲᠡᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠤᠬᠢᠷᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠦᠵᠢᠭᠦᠯᠬᠦ ᠰᠠᠶᠢᠨ ᠬᠤᠷᠰᠢᠯᠴᠠᠯ ᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠤᠳᠤᠷᠢᠳᠤᠮᠵᠢ ᠶᠢᠨ ᠴᠢᠨᠠᠷᠲᠠᠢ᠂ ᠰᠠᠭᠤᠷᠢ ᠴᠢᠨᠠᠷᠲᠠᠢ | ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠪᠣᠯᠤᠨ ᠰᠣᠯᠪᠢᠴᠠᠯ | ᠰᠢᠨᠵᠢᠯᠡᠭᠡᠨ ᠤ ᠰᠠᠯᠠᠭ᠎ᠠ ᠶᠢᠨ ᠰᠢᠪᠲᠤᠯᠤᠯᠲᠠ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠠᠵᠤ ᠠᠬᠤᠶᠢᠯᠠᠯ ᠣᠷᠣᠨ ᠨᠤᠲᠤᠭ ᠤᠨ | ᠬᠠᠮᠲᠤᠷᠠᠭᠰᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠲᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠤᠷᠤᠯᠴᠠᠬᠤ | ᠬᠡᠯᠪᠡᠷᠢ ᠶᠢᠨ ᠨᠡᠶᠢᠭᠡᠮ ᠢ ᠪᠠᠶᠢᠭᠤᠯᠵᠤ᠂ ᠡᠯ᠎ᠡ ᠲᠦᠷᠦᠯ ᠤᠨ ᠬᠡᠯᠪᠡᠷᠢ ᠡᠯ᠎ᠡ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠥᠷᠢᠰᠥᠯᠳᠦᠨ ᠴᠣᠯᠭᠤᠷᠠᠨ | ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠪᠦᠬᠦ ᠨᠠᠮ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ | ᠠᠷᠠᠳ ᠤᠨ ᠤᠯᠤᠰ ᠲᠦᠷᠦ ᠶᠢᠨ ᠵᠥᠪᠯᠡᠯᠭᠡᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠮᠦᠰ ᠤᠨ | ᠰᠡᠳᠭᠢᠯ ᠢ ᠥᠷᠭᠡᠨ ᠢᠶᠠᠷ ᠨᠢᠭᠲᠠᠷᠠᠭᠤᠯᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠤᠨ ᠬᠦᠴᠦᠨ ᠴᠢᠳᠠᠯ ᠢ | ᠨᠢᠭᠲᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠥᠷᠭᠡᠨ ᠤᠯᠠᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠪᠦᠷᠢᠯᠳᠦᠬᠦᠨ ᠪᠣᠯᠤᠨ ᠰᠤᠷᠭᠠᠨ | ᠬᠥᠮᠦᠵᠢᠯ ᠤᠨ ᠡᠲᠡᠭᠡᠳ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠪᠠ ᠬᠥᠭᠵᠢᠯᠲᠡ ᠶᠢᠨ ᠦᠢᠯᠡᠳᠦᠯᠭᠡ ᠳᠤ | ᠣᠷᠣᠯᠴᠠᠬᠤ ᠶᠢ ᠨᠡᠩ ᠰᠠᠶᠢᠲᠤᠷ ᠳᠡᠮᠵᠢᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠳ᠋ᠢᠩ ᠵᠦᠩ ᠯᠢ᠂ ᠼᠠᠢ ᠳ᠋ᠠ ᠹᠧᠩ᠂ ᠬᠤ᠋ ᠴᠦᠨ ᠬᠤᠸᠠ᠂ ᠸᠠᠩ ᠳ᠋ᠦᠩ ᠹᠧᠩ᠂ ᠵᠢᠶᠠᠩ ᠰᠢᠨ ᡁᠢ᠂ ᠸᠠᠩ ᠭᠤᠸᠠᠩ ᠴᠢᠶᠠᠨ | ᠂ ᠵᠦ ᠶᠦᠩ ᠰᠢᠨ ᠨᠡᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠬᠢᠯᠭᠠᠨ ᠮᠡᠳᠡᠭᠡ︶ |