ᠲᠡᠮᠡᠴᠡᠯ ᠤᠨ ᠬᠠᠷᠠᠯᠲᠠ ᠳᠤ ᠠᠩᠬᠠᠷᠤᠯ ᠢᠶᠠᠨ ᠲᠦᠪᠯᠡᠷᠡᠬᠦᠯᠵᠤ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2025/3/7
    — ᠶᠡᠷᠦᠩᠬᠡᠶ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠥᠪᠥᠷ ᠮᠣᠩᠭᠤᠯ ᠳᠤ ᠬᠠᠯᠠᠭᠤᠨ ᠲᠤᠰᠬᠠᠯ ᠭᠠᠷᠪᠠ      3 ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠥᠪᠥᠷ ᠮᠣᠩᠭᠤᠯ ᠳᠤ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠤᠷᠢᠭ ᠢᠶᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠨ ᠨᠢᠭᠡᠳᠴᠦ ᠤᠷᠤᠭᠰᠢᠯᠠᠨ ᠲᠠᠪᠰᠢᠬᠤ ᠢᠲᠡᠭᠡᠯ ᠵᠤᠷᠢᠭ ᠪᠣᠯᠤᠨ ᠬᠦᠴᠦᠨ ᠴᠢᠳᠠᠯ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠦᠢᠯᠡᠳᠦᠯᠭᠡ ᠶᠢᠨ ᠰᠢᠨ᠎ᠡ ᠠᠬᠢᠴᠠ ᠰᠢᠨ᠎ᠡ ᠲᠠᠪᠠᠯᠳᠠ ᠶᠢ ᠪᠡᠶᠡᠯᠡᠬᠦᠯᠬᠦ ᠶᠢ ᠠᠬᠢᠭᠤᠯᠵᠤ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃    ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ     ᠶᠡᠷᠦᠩᠬᠡᠢ ᠱᠦᠵᠢ ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠦᠨᠳᠦᠰᠦᠨ ᠠᠷᠭ᠎ᠠ ᠵᠠᠮ ᠮᠥᠨ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠭᠦᠬᠡᠨ ᠡᠬᠦᠳᠬᠦ ᠮᠥᠷᠲᠡᠭᠡᠨ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠨ ᠪᠣᠳᠠᠲᠠᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠲᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ︾᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨ᠎ᠡ ᠶᠢ ᠡᠭᠦᠳᠬᠦ ᠪᠠᠶᠢᠭᠤᠯᠤᠯ ᠲᠣᠭᠲᠡᠴᠡ᠂ ᠨᠢᠭᠡ ᠴᠣᠭᠴᠠᠵᠢᠭᠤᠯᠤᠭᠰᠠᠨ ᠪᠠᠶᠢᠷᠢᠰᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠭᠡ ᠡᠭᠦᠷᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ᠂ ᠡᠬᠢ ᠪᠠᠶᠠᠯᠢᠭ ᠤᠨ ᠲᠠᠪᠴᠠᠩ᠂ ᠣᠷᠣᠨ ᠪᠦᠰᠡ ᠶᠢᠨ ᠰᠢᠨ᠎ᠡ ᠶᠢ ᠡᠭᠦᠳᠬᠦ ᠶᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠪᠥᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠦᠨ᠎ᠡ ᠭᠡᠵᠦ ᠢᠯᠡᠳᠬᠡᠪᠡ᠃     ᠯᠢᠦ ᠱᠤᠸᠠᠩ᠄ ︽ᠪᠦᠬᠦ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠰᠲ᠋ᠧᠮ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠢᠭᠡ ᠪᠦᠯᠦᠭ ᠬᠤᠭᠤᠰᠤᠨ ᠢ ᠨᠥᠬᠦᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠳᠪᠦᠷᠢᠯᠡᠯ ᠤᠨ ᠱᠤᠭᠤᠮ ᠢ ᠡᠬᠦᠳᠴᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ︿ᠮᠤᠩ ᠺᠤ ᠵᠢᠤᠢ﹀ 2.0 ᠬᠡᠪᠯᠡᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠡᠷᠡᠭᠯᠡᠬᠦ᠂ ᠦᠢᠯᠡᠳᠪᠦᠷᠢᠯᠡᠬᠦ ᠠᠴᠠ ᠡᠮᠦᠨᠡᠬᠢ ᠲᠤᠷᠰᠢᠯᠲᠠ ᠪᠠᠷ ᠦᠷ᠎ᠡ ᠪᠦᠳᠦᠬᠡᠯ ᠢ ᠤᠨᠳᠤᠤᠰᠢᠭᠤᠯᠬᠤ ᠠᠴᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠬᠦᠷᠲᠡᠯᠡᠬᠢ ᠪᠦᠬᠦ ᠬᠡᠯᠬᠢᠶᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ︾ ᠭᠡᠪᠡ᠃     ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠳᠠᠳᠦ ᠭᠦᠨ ᠰᠠᠭᠤᠭᠳᠠᠯ ᠦᠯᠡᠳᠡᠭᠡᠵᠦ᠂ ᠭᠦᠨᠵᠡᠭᠡᠢ ᠰᠡᠩᠬᠡᠷᠡᠭᠦᠯᠦᠯ ᠣᠯᠭᠤᠵᠠᠢ ︾᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠤᠷᠢᠶ᠎ᠠ ᠶᠢᠨ ᠡᠷᠬᠢᠯᠡᠭᠴᠢ ᠭᠡᠰᠢᠭᠦᠨ ᠵᠤᠤ ᠵᠢᠢ᠂ ︽ᠠᠰᠫᠢᠷᠠᠨᠲ ᠤᠨ ᠰᠤᠷᠭᠠᠨ ᠬᠥᠮᠦᠵᠢᠯ ᠪᠣᠯ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠠᠬᠢᠭᠤᠯᠬᠤ ᠴᠢᠬᠤᠯᠠ ᠠᠭᠤᠯᠵᠠᠷ ᠴᠡᠭ ᠪᠣᠯᠤᠨ᠎ᠠ᠂ ᠵᠠᠰᠠᠭ ᠤᠨ ᠣᠷᠳᠣᠨ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠬᠢᠨ ᠬᠤᠷᠸ᠎ᠠ ᠲᠦᠷᠦ ᠶᠢᠨ ᠪᠤᠳᠤᠯᠭ᠎ᠠ᠂ ᠴᠢᠳᠠᠪᠤᠷᠢᠲᠠᠨ ᠢ ᠬᠥᠮᠦᠵᠢᠭᠦᠯᠬᠦ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠭᠡᠭᠡᠯᠲᠡᠲᠦ ᠮᠠᠶ᠋ᠢᠭ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠰᠫᠢᠷᠠᠨᠲ ᠢ ᠬᠠᠮᠲᠤᠷᠠᠨ ᠬᠥᠮᠦᠵᠢᠭᠦᠯᠬᠦ ᠰᠠᠭᠤᠷᠢᠨ ᠢ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠠᠰᠫᠢᠷᠠᠨᠲ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠨᠢᠭᠡ ᠪᠦᠯᠦᠭ ᠳᠡᠭᠡᠳᠦ ᠲᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠬᠠᠩᠭᠠᠬᠤ ᠬᠡᠷᠡᠭᠲᠡᠢ︾ ᠭᠡᠵᠦ ᠬᠡᠯᠡᠪᠡ᠃     ︽ᠶᠡᠷᠦᠩᠬᠡᠢ ᠱᠦᠵᠢ ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠢᠶᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︾᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠪᠤᠶᠠᠨᠲᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ︔ ︽ᠵᠠᠰᠠᠭ ᠤᠨ ᠤᠷᠳᠤᠨ ᠠᠵᠤ ᠠᠬᠤᠶᠢᠯᠠᠯ ᠰᠡᠳᠭᠢᠯ ᠨᠢᠭᠡᠳᠦᠭᠰᠡᠨ ᠶᠠᠷᠢᠯᠴᠠᠬᠤ ᠬᠤᠷᠠᠯ︾ ᠵᠡᠷᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ᠂ 96888 ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ︔ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰ ᠳᠡᠪᠰᠢᠭᠦᠯᠬᠦ ᠶᠢᠨ ᠲᠣᠭᠤᠷᠢᠨ ᠳᠤ᠂ ᠠᠳᠠᠯᠢ ᠪᠤᠰᠤ ᠲᠥᠷᠥᠯ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠨ᠎ᠠ︔ ︽ᠲᠦᠮᠡᠨ ᠪᠠᠶᠢᠭᠤᠯᠤᠮᠵᠢ ᠬᠤᠯᠪᠤᠭᠠᠯᠠᠭᠰᠠᠨ ᠲᠤᠮᠤ ᠬᠤᠷᠠᠯ︾ ᠤ ᠲᠣᠭᠲᠠᠴᠠ ᠶᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠠᠤᠯᠢ ᠪᠠᠷ ᠵᠠᠰᠠᠬᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ ᠭᠡᠵᠦ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠴᠠᠭᠳᠠᠭᠠᠨ ᠤ ᠶᠠᠪᠤᠳᠠᠯ ᠤᠨ ᠬᠡᠯᠲᠡᠰ ᠤᠨ ᠡᠷᠬᠢᠯᠡᠭᠴᠢ ᠾᠦᠤᠤ ᠴᠢᠩ ᠽᠦᠨ᠄ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠦᠨᠳᠦᠷ ᠲᠤ ᠵᠤᠬᠰᠤᠨ ᠠᠯᠤᠰ ᠢ ᠪᠠᠷᠠᠯᠠᠵᠤ᠂ ᠳᠣᠲᠣᠭᠠᠳᠤ ᠠᠭᠤᠯᠤᠭᠳᠠᠬᠤᠨ ᠨᠢ ᠭᠦᠨᠵᠡᠭᠡᠶ ᠪᠠᠶᠢᠵᠤ᠂ ᠨᠠᠳᠠ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠬᠡᠷᠡᠯ ᠲᠠᠢ ᠰᠠᠨᠠᠭᠳᠠᠵᠤ ᠪᠠᠶᠢᠨ᠎ᠠ᠂ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︿ᠬᠠᠤᠯᠢ ᠪᠠᠷ ᠵᠠᠰᠠᠬᠤ ᠶᠢᠨ ᠪᠡᠶ᠎ᠡ ᠶᠢᠨ ᠪᠠᠶᠢᠴᠠᠭᠠᠯᠲᠠ﹀ ᠵᠡᠷᠭᠡ ᠠᠵᠢᠯᠯᠠᠭ᠎ᠠ ᠶᠢ ᠪᠦᠲᠦᠮᠵᠢᠲᠡᠢ ᠥᠷᠨᠢᠭᠦᠯᠵᠦ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︿ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠬᠦ ᠳᠤᠮᠳᠠ ᠲᠦᠪᠰᠢᠨ ᠳᠤ ᠣᠷᠣᠬᠤ﹀ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ︾ ᠭᠡᠪᠡ᠃     ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠰᠢᠨ᠎ᠡ ᠪᠠᠶᠢᠳᠠᠯ ᠢ ᠨᠡᠭᠡᠭᠡᠨ ᠡᠬᠦᠳᠦᠨ᠎ᠡ      ᠠᠷᠠᠳ ᠤᠨ ᠰᠡᠳᠭᠢᠯ ᠤᠨ ᠬᠠᠨᠳᠤᠰᠢ ᠪᠤᠯ ᠵᠠᠰᠠᠭ ᠤᠨ ᠶᠠᠪᠤᠳᠠᠯ ᠤᠨ ᠬᠡᠷᠡᠭᠵᠢᠭᠦᠯᠦᠯᠲᠡ ᠶᠢᠨ ᠵᠤᠷᠢᠯᠭ᠎ᠠ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠵᠢᠩ ᠵᠢᠥ᠋ᠨ᠂ ᠪᠦᠬᠦ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠬᠦᠷᠴᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠣᠯᠭᠤᠯᠲᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠨᠡᠩ ᠤᠯᠠᠨ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ᠂ ᠠᠷᠠᠳ ᠤᠯᠠᠨ ᠢ ᠬᠢᠬᠦ ᠠᠵᠢᠯ ᠲᠠᠢ᠂ ᠤᠯᠬᠤ ᠵᠣᠭᠤᠰ ᠲᠠᠢ ᠪᠣᠯᠭᠠᠨ᠎ᠠ︔ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠥᠷᠭᠡᠳᠭᠡᠬᠦ ᠪᠠᠷ ᠵᠠᠩᠭᠢᠯᠠᠭ᠎ᠠ ᠪᠣᠯᠭᠠᠵᠤ᠂ ᠤᠯᠠᠨ ᠲᠦᠮᠡᠨ ᠢ ︽ᠥᠲᠡᠯᠪᠡᠯ ᠲᠦᠰᠢᠭ ᠲᠤᠯᠭᠠᠭᠤᠷᠢ ᠲᠠᠢ︾᠂ ︽ᠥᠲᠡᠯᠪᠡᠯ ᠪᠠᠶᠠᠷ ᠪᠠᠶᠠᠰᠬᠤᠯᠠᠩ ᠲᠠᠢ︾ ᠪᠤᠯᠭᠠᠨ᠎ᠠ︔ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠢᠯᠭᠡᠭᠡᠬᠦ᠂ ᠬᠥᠮᠦᠵᠢᠭᠦᠯᠬᠦ ᠨᠡᠭᠡᠭᠡᠨ ᠬᠥᠭᠵᠢᠭᠦᠯᠬᠦ᠂ ᠦᠨᠡᠯᠡᠬᠦ ᠤᠷᠮᠠᠰᠢᠭᠤᠯᠬᠤ᠂ ᠦᠢᠯᠡᠴᠢᠯᠡᠭᠡ ᠪᠠᠲᠤᠯᠠᠭ᠎ᠠ ᠪᠠᠷ ᠭᠠᠷᠳᠠᠴᠠ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠥᠷᠢᠰᠥᠯᠳᠦᠭᠦᠯᠦᠨ ᠬᠥᠭᠵᠢᠭᠡᠵᠦ᠂ ᠤᠶᠤᠨ ᠤᠬᠠᠭᠠᠨ ᠠᠪᠢᠶᠠᠰ ᠴᠢᠳᠠᠪᠤᠷᠢ ᠶᠢ ᠨᠢ ᠭᠦᠢᠴᠡᠳ ᠪᠠᠳᠠᠷᠠᠭᠤᠯᠤᠨ᠎ᠠ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠬᠥᠳᠡᠯᠮᠦᠷᠢᠴᠢᠳ ᠢ ᠬᠥᠳᠡᠯᠮᠦᠷᠢᠯᠡᠪᠡᠯ ᠣᠷᠣᠯᠭ᠎ᠠ ᠲᠠᠢ᠂ ᠡᠷᠬᠡ ᠶᠢ ᠨᠢ ᠬᠠᠮᠠᠭᠠᠯᠠᠯᠲᠠ ᠲᠠᠢ ᠪᠣᠯᠭᠠᠨ᠎ᠠ ᠭᠡᠵᠦ ᠢᠯᠡᠳᠬᠡᠪᠡ᠃     ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ︾᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠤᠩ ᠰᠢᠶᠤᠤ ᠵᠢᠦ᠄ ︽ᠥᠪᠥᠷ ᠮᠣᠩᠭᠤᠯ ᠬᠦᠨᠳᠦ ᠰᠦᠷᠡᠬᠡᠢ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠭᠰᠠᠨ ᠤ ᠬᠤᠪᠢ ᠳᠤ᠂ ᠤᠰᠤᠨ ᠤ ᠡᠬᠢ ᠰᠤᠷᠪᠤᠯᠵᠢ ᠬᠤᠮᠰᠠ᠂ ᠲᠠᠷᠬᠠᠯᠲᠠ ᠲᠡᠩᠴᠡᠭᠦᠷᠢ ᠦᠭᠡᠢ ᠪᠠᠶᠢᠬᠤ ᠨᠢ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠣᠷᠳᠣ ᠬᠤᠭᠤᠴᠠᠭ᠎ᠠ ᠪᠠᠷ ᠬᠢᠵᠠᠭᠠᠷᠯᠠᠵᠤ ᠪᠤᠢ᠂ ᠤᠰᠤ ᠠᠷᠪᠢᠯᠠᠬᠤ ᠶᠢ ᠰᠠᠶᠢᠲᠤᠷ ᠠᠳᠬᠤᠬᠤ ᠶᠠᠪᠤᠳᠠᠯ ᠪᠠᠴᠢᠮ ᠲᠤᠯᠭᠠᠮ ᠱᠠᠭᠠᠷᠳᠠᠭᠳᠠᠵᠤ᠂ ᠦᠴᠦᠬᠡᠨ ᠴᠦ ᠠᠯᠭᠤᠷᠯᠠᠵᠤ ᠪᠤᠯᠬᠤ ᠦᠭᠡᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ︿ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲᠤᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ﹀ ᠤᠰᠤ ᠵᠠᠰᠠᠬᠤ ᠰᠡᠳᠬᠢᠴᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠤᠰᠤ ᠠᠷᠪᠢᠯᠠᠬᠤ ᠶᠢ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ︿ᠤᠰᠤ ᠪᠠᠷ ᠲᠥᠷᠪᠡ ᠶᠢ ᠲᠣᠭᠲᠠᠭᠠᠬᠤ﹀ ᠵᠠᠷᠴᠢᠮ ᠢ ᠪᠠᠷᠢᠮᠲᠠᠯᠠᠨ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠰᠦᠢᠳᠭᠡᠭᠦ ᠬᠡᠮᠵᠢᠶ᠎ᠡ ᠶᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠤᠰᠤᠨ ᠠᠰᠢᠭᠯᠠᠯᠲᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠪᠥᠬᠦ ᠤᠯᠤᠰ ᠲᠤ ᠤᠰᠤ ᠠᠷᠪᠢᠯᠠᠬᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠩ ᠲᠡᠷᠢᠭᠦᠨ ᠳᠤ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠤᠰᠤᠨ ᠤ ᠡᠷᠬᠡ ᠶᠢᠨ ᠠᠷᠠᠯᠵᠢᠶᠠᠨ ᠤ ᠵᠠᠭᠪᠤᠷ ᠢ ᠰᠢᠨ᠎ᠡ ᠪᠠᠷ ᠡᠭᠦᠳᠴᠦ᠂ ᠤᠰᠤ ᠠᠷᠪᠢᠯᠠᠬᠤ ᠦᠢᠯᠡᠳᠬᠦᠨ ᠤ ᠲᠣᠨᠤᠭ ᠲᠥᠬᠦᠭᠡᠷᠦᠮᠵᠢ ᠶᠢᠨ ᠬᠠᠩᠭᠠᠯᠭ᠎ᠠ ᠶᠢ ᠴᠢᠩᠭᠠᠷᠠᠭᠤᠯᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠬᠤ ᠶᠢ ᠲᠤᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠨ᠎ᠠ︾ ᠭᠡᠵᠤ ᠬᠡᠯᠡᠪᠡ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ ᠲᠣᠪᠴᠢᠶᠠᠨ ᠤ ᠳᠠᠷᠤᠭ᠎ᠠ ᠰᠢᠨ ᠰᠢᠶᠤᠤ ᠷᠦᠢ᠂ ᠶᠡᠷᠦᠩᠬᠡᠶ ᠱᠦᠵᠢ ᠰᠢ ᠶᠢᠨ ᠫᠢᠩ ᠤᠨ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠᠨ ᠴᠢᠩᠭᠠᠳᠬᠠᠬᠤ ᠬᠡᠷᠡᠭᠲᠡᠶ︾ ᠭᠡᠰᠡᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠢᠳᠡ ᠪᠦᠬᠦ ᠣᠷᠣᠨ ᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ︾ ᠢᠢ ᠭᠦᠨᠵᠡᠭᠡᠶ ᠬᠡᠷᠡᠭᠵᠢᠭᠦᠯᠵᠦ᠂ ᠬᠤᠶᠠᠳᠤᠭᠠᠷ ᠪᠦᠯᠦᠭ ᠤᠨ ︽ᠵᠢᠷᠭᠤᠭᠠᠨ ᠰᠠᠶᠢᠨ︾ ᠪᠠᠷᠢᠮᠵᠢᠶᠠᠳᠤ ︽ᠤᠮᠠᠷᠠᠲᠤ ᠬᠢᠯᠢ ᠶᠢᠨ ᠪᠤᠭᠤᠷᠤᠯᠴᠤᠳ ᠤᠨ ᠬᠤᠰᠢᠭᠤᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠪᠦᠬᠦ ᠣᠷᠣᠨ ᠤ 61 ᠲᠦᠮᠡᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠪᠦᠯᠬᠦᠮᠳᠡᠭᠦᠯᠦᠨ ᠨᠢᠭᠲᠠᠷᠠᠭᠤᠯᠵᠤ ᠳᠠᠪᠠᠭᠤᠯᠢᠭ ᠢ ᠨᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠳᠡᠰ ᠳᠠᠪᠰᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠬᠤ ᠵᠡᠷᠭᠡ ᠲᠠᠯ᠎ᠠ ᠪᠠᠷ ᠪᠤᠭᠤᠷᠤᠯᠴᠤᠳ ᠤᠨ ᠬᠦᠴᠦᠨ ᠴᠢᠳᠠᠯ ᠢ ᠡᠷᠭᠦᠨ᠎ᠡ ᠭᠡᠵᠦ ᠢᠯᠡᠳᠭᠡᠪᠡ᠃     ᠥᠩᠭᠡᠷᠡᠭᠰᠡᠨ ᠨᠢᠭᠡ ᠵᠢᠯ ᠳᠤ᠂ ᠬᠥᠯᠥᠨ ᠪᠤᠶᠢᠷ ᠬᠤᠳᠠ ᠶᠢᠨ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠭᠢᠬᠦᠢ ᠪᠠᠷ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠭᠤᠷᠪᠠᠨ ᠰᠢᠨ᠎ᠡ ᠳᠠᠪᠠᠯᠲᠠ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠲᠠᠪᠰᠢᠯᠳᠠ ᠲᠠᠢ ᠪᠤᠯᠵᠤ ᠂ ᠰᠢᠨ᠎ᠡ ᠳᠡᠭᠲᠡᠷ ᠲᠤ ᠭᠠᠷᠪᠠ᠃       ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠤᠷᠤᠯᠴᠠᠭᠰᠠᠨ ᠤ ᠳᠠᠷᠠᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠮᠧᠩ ᠳ᠋ᠠ ᠵᠢᠩ ᠶᠡᠬᠡᠳᠡ ᠵᠣᠷᠢᠭᠵᠢᠪᠠ᠃ ᠲᠡᠷᠡ᠂ ᠡᠨᠡ ᠵᠢᠯ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠶ ᠠᠵᠢᠯᠯᠠᠨ ᠪᠠᠲᠤᠲᠠᠶ ᠦᠢᠯᠡᠳᠦᠯᠭᠡᠵᠢᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠢᠢ ᠪᠣᠳᠠᠲᠠᠶ ᠠᠳᠬᠤᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠭᠠᠷᠳᠠᠴᠠ ᠪᠣᠯᠭᠠᠨ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠪᠤᠵᠠᠭᠠᠶᠢᠷᠠᠬᠤ ᠶᠢ ᠠᠬᠢᠭᠤᠯᠵᠤ᠂ ᠬᠥᠬᠡ ᠣᠭᠲᠠᠷᠭᠤᠶ ᠬᠥᠬᠡᠮᠳᠦᠭ ᠤᠰᠤ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠨᠠᠩ ᠦᠵᠡᠰᠭᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷ ᠠᠮᠤᠭᠤᠯᠠᠩ ᠮᠣᠷᠢᠨᠳᠠᠪᠠᠭ᠎ᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ ᠭᠡᠵᠦ ᠢᠯᠡᠳᠭᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ