2023 ᠣᠨ ᠤ 6 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ᠂ ᠪᠣᠷᠣᠲᠣᠬᠤᠶ | ᠣᠷᠣᠨ ᠤ ᠨᠥᠬᠦᠴᠡᠯ ᠣᠨᠴᠠᠭᠠᠶ ᠰᠠᠶᠢᠨ᠂ ᠬᠡᠳᠦ᠋ᠪᠡᠷ ᠤᠰᠤ ᠳᠤᠲᠠᠬᠤ ᠥᠬᠡᠶ ᠪᠣᠯᠪᠠᠴᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ᠂ ᠣᠲᠣ | ᠦᠶ᠎ᠡ ᠶᠢᠨ ᠥᠨᠳᠥᠷ ᠪᠦᠲᠦᠮᠵᠢᠳᠤ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠤ᠂ ᠶᠡᠭᠡ ᠤᠰᠤ ᠪᠠᠷ ᠨᠠᠯᠦ᠋ᠢᠲᠠᠯᠠ | ᠤᠰᠤᠯᠠᠵᠤ ᠪᠣᠯᠬᠤ ᠥᠬᠡᠶ ᠭᠡᠵᠦ ᠵᠢᠭᠠᠵᠤ ᠭᠠᠷᠭᠠᠪᠠ᠃ | ᠡᠨᠡ ᠬᠤᠶᠠᠷ ᠵᠢᠯ ᠳᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ ᠰᠢᠤᠢ ᠷᠦᠢ ᠰᠢᠶᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠳᠠᠯ ᠢ ᠦᠷᠭᠦᠯᠵᠢᠯᠡᠨ ᠠᠩᠬᠠᠷᠴᠤ ᠪᠠᠶᠢᠯ᠎ᠠ᠃ | ︽ᠪᠣᠷᠣᠲᠣᠬᠤᠶ ᠶᠢᠨ ᠤᠰᠤᠯᠠᠯᠲᠠ ᠶᠢᠨ ᠣᠷᠣᠨ ᠨᠢ ᠬᠠᠲᠤᠨ ᠭᠤᠤᠯ ᠤᠨ ︿ᠶᠡᠭᠡ ᠲᠤᠬᠤᠢ﹀ ᠶᠢᠨ ᠣᠷᠣᠶ ᠳᠤ ᠪᠠᠶᠢᠷᠢᠯᠠᠵᠤ᠂ ᠪᠥᠬᠦ ᠤᠯᠤᠰ ᠤᠨ | ᠭᠤᠷᠪᠠᠨ ᠣᠨᠴᠠ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ | ᠠᠬᠤᠶ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠤ ᠪᠤᠢ᠃ ᠣᠶᠢᠷ᠎ᠠ ᠶᠢᠨ ᠵᠢᠯ ᠤᠨ ᠲᠤᠷᠰᠢ ᠪᠣᠷᠣᠲᠣᠬᠤᠶ ᠶᠢᠨ | ᠤᠰᠤᠯᠠᠯᠲᠠ ᠶᠢᠨ ᠣᠷᠣᠨ ᠤᠰᠤ ᠠᠷᠪᠢᠯᠠᠬᠤ ᠪᠠᠷᠢᠯᠭ᠎ᠠ ᠶᠢ ᠪᠦᠲᠦᠭᠡᠨ ᠪᠠᠶᠢᠭᠤᠯᠬᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ᠂ | ᠤᠰᠤ ᠠᠷᠪᠢᠯᠠᠬᠤ ᠮᠡᠷᠭᠡᠵᠢᠯ ᠤᠨ ᠰᠤᠳᠤᠯᠤᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠡᠷᠴᠢᠮ ᠢ | ᠴᠢᠩᠭ᠎ᠠ ᠬᠢᠵᠠᠭᠠᠷᠯᠠᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠠᠪᠤᠳᠠᠯ ᠢ ᠱᠠᠲᠤ ᠦᠶᠡᠴᠢ ᠴᠢᠨᠠᠷᠲᠠᠶ ᠠᠬᠢᠴᠠ ᠲᠠᠢ ᠪᠣᠯᠭᠠᠭᠰᠠᠨ ᠪᠣᠯᠪᠠᠴᠤ | ᠮᠥᠨ ᠬᠦ ᠵᠠᠷᠢᠮ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠨ᠎ᠠ︾ ᠭᠡᠵᠦ ᠰᠢᠤᠢ ᠷᠦᠢ ᠰᠢᠶᠠ ᠬᠡᠯᠡᠪᠡ᠃ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠨᠢ ᠮᠤᠤᠠᠤᠰᠤ ᠶᠢᠨ ᠡᠯᠡᠰᠦᠷᠭᠡᠭ ᠭᠠᠵᠠᠷ᠂ ᠬᠥᠪᠴᠢ ᠶᠢᠨ ᠡᠯᠡᠰᠦ᠂ ᠤᠯᠠᠭᠠᠨᠪᠤᠬ᠎ᠠ ᠶᠢᠨ ᠡᠯᠡᠰᠦ | ᠵᠢᠴᠢ ᠲᠩᠷᠢ ᠡᠯᠡᠰᠦᠨ ᠤ ᠡᠮᠦᠨ᠎ᠡ ᠵᠠᠬ᠎ᠠ ᠪᠠᠷ ᠬᠥᠷᠰᠢᠯᠡᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠬᠠᠲᠠᠭᠤ ᠪᠡᠷᠬᠡ ᠪᠠᠶᠢᠵᠤ᠂ ᠠᠮᠢ | ᠠᠬᠤᠶ ᠶᠢᠨ ᠤᠰᠤ ᠬᠡᠷᠡᠭᠯᠡᠬᠦ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ ᠭᠡᠪᠡᠴᠦ ᠲᠤᠨᠳᠠᠰᠤᠨ ᠤ ᠬᠡᠮᠵᠢᠶ᠎ᠡ ᠬᠦᠷᠦᠯᠴᠡᠬᠦ ᠥᠬᠡᠶ ᠶᠢᠨ ᠨᠥᠯᠥᠭᠡ ᠪᠠ | ᠲᠦᠷᠢᠮ ᠤᠨ ᠴᠢᠨᠠᠷᠲᠠᠶ ᠲᠣᠬᠢᠷᠠᠭᠤᠯᠤᠯᠲᠠ ᠳᠤᠲᠠᠭᠳᠠᠭᠰᠠᠨ ᠠᠴᠠ ᠪᠣᠯᠵᠣ ᠠᠮᠢ ᠠᠬᠤᠶ ᠶᠢᠨ ᠬᠡᠷᠡᠭᠯᠡᠬᠦ ᠤᠰᠤᠨ ᠳᠤ ᠠᠳᠠᠯᠢ ᠪᠤᠰᠤ ᠬᠡᠮᠵᠢᠶ᠎ᠡ ᠪᠠᠷ ᠡᠬᠢ | ᠪᠠᠶᠠᠯᠢᠭ ᠤᠨ ᠴᠢᠨᠠᠷᠲᠠᠶ᠂ ᠭᠦᠢᠴᠡᠳᠭᠡᠯ ᠲᠤᠭ᠎ᠠ ᠶᠢᠨ ᠴᠢᠨᠠᠷᠲᠠᠶ ᠤᠰᠤ ᠳᠤᠲᠠᠭᠳᠠᠬᠤ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠢᠶᠠᠷ ᠪᠠᠷᠠᠬᠤ ᠥᠬᠡᠶ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠪᠠᠰᠠ ᠭᠠᠵᠠᠷ ᠳᠤᠤᠷᠠᠬᠢ ᠤᠰᠤᠨ ᠤ ᠲᠦᠪᠰᠢᠨ ᠦᠷᠭᠦᠯᠵᠢᠯᠡᠨ ᠪᠠᠭᠤᠷᠠᠵᠤ᠂ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠤᠨ ᠤᠰᠤᠯᠠᠯᠲᠠ ᠳᠤ ᠤᠰᠤ ᠬᠡᠷᠡᠭᠯᠡᠬᠦ ᠭᠦᠢᠴᠡᠳᠭᠡᠯ ᠲᠤᠭ᠎ᠠ ᠬᠦᠨᠳᠦ ᠨᠣᠴᠢᠲᠠᠶ ᠳᠤᠲᠠᠭᠳᠠᠵᠤ᠂ ᠤᠰᠤᠯᠠᠯᠲᠠ ᠶᠢᠨ ᠣᠷᠣᠨ ᠤ ᠤᠰᠤ | ᠠᠷᠪᠢᠯᠠᠬᠤ ᠥᠭᠡᠷᠡᠴᠢᠯᠡᠯᠲᠡ ᠪᠥᠲᠥᠭᠡᠨ ᠪᠠᠶᠢᠭᠤᠯᠤᠯᠲᠠ ᠶᠢᠨ ᠠᠯᠬᠤᠭ᠎ᠠ ᠤᠳᠠᠭᠠᠨ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠭᠡᠳᠡᠭ ᠢ ᠰᠢᠤᠢ | ᠷᠦᠢ ᠰᠢᠶᠠ ᠪᠠᠶᠢᠴᠠᠭᠠᠨ ᠰᠤᠳᠤᠯᠬᠤ ᠳᠠᠭᠠᠨ ᠣᠯᠵᠤ ᠮᠡᠳᠡᠭᠰᠡᠨ ᠪᠠᠶᠢᠨ᠎ᠠ᠃ | ᠡᠬᠦᠨ ᠳᠤ᠂ ᠰᠢᠤᠢ ᠷᠦᠢ ᠰᠢᠶᠠ ᠤᠯᠤᠰ ᠠᠴᠠ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠰᠤ ᠠᠷᠪᠢᠯᠠᠬᠤ ᠢᠨᠵᠧᠨᠧᠷᠢᠩ ᠤᠨ ᠪᠠᠯᠠ ᠮᠥᠩᠭᠦ᠂ | ᠳᠤᠰᠤᠯᠭᠠᠨ ᠤᠰᠤᠯᠠᠬᠤ ᠰᠦᠷᠴᠢᠨ ᠤᠰᠤᠯᠠᠬᠤ ᠵᠡᠷᠭᠡ ᠤᠰᠤ ᠠᠷᠪᠢᠯᠠᠬᠤ ᠲᠥᠬᠦᠭᠡᠷᠦᠮᠵᠢ ᠶᠢᠨ ᠨᠥᠬᠦᠪᠥᠷᠢ ᠵᠢᠴᠢ ᠤᠰᠤᠨ ᠤ ᠦᠨ᠎ᠡ ᠵᠡᠷᠭᠡ ᠲᠠᠯ᠎ᠠ ᠪᠠᠷ | ᠢᠯᠡᠭᠦᠬᠡᠨ ᠳᠡᠮᠵᠢᠯᠭᠡ ᠦᠵᠡᠭᠦᠯᠵᠦ᠂ ᠤᠰᠤᠯᠠᠯᠲᠠ ᠶᠢᠨ ᠣᠷᠣᠨ ᠢ ᠬᠠᠪᠰᠤᠷᠤᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠭᠡᠵᠦ᠂ ᠣᠲᠣ | ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠶ᠃ ᠡᠭᠦᠨ ᠤ ᠵᠡᠷᠭᠡ ᠪᠠᠷ | ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠭᠦᠢᠴᠡᠳᠭᠡᠯ ᠲᠤᠭ᠎ᠠ ᠶᠢ ᠵᠣᠬᠢᠰᠲᠠᠶ ᠲᠣᠬᠢᠷᠠᠭᠤᠯᠤᠨ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ | ᠲᠠᠷᠢᠶᠠᠯᠠᠩ ᠤᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠵᠤ᠂ ᠠᠮᠢ ᠠᠬᠤᠶ ᠶᠢᠨ ᠤᠰᠤ ᠨᠥᠬᠦᠪᠥᠷᠢᠯᠡᠬᠦ ᠭᠦᠢᠴᠡᠳᠭᠡᠯ ᠲᠤᠭ᠎ᠠ ᠶᠢ ᠵᠣᠬᠢᠰᠲᠠᠶ | ᠲᠣᠬᠢᠷᠠᠭᠤᠯᠤᠨ ᠨᠡᠮᠡᠭᠳᠡᠭᠦᠯᠵᠦ᠂ ᠵᠣᠬᠢᠬᠤ ᠬᠡᠮᠵᠢᠶᠡᠨ ᠤ ᠬᠠᠲᠤᠨ ᠭᠤᠤᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠵᠤ ᠪᠠᠶᠢᠭᠠᠳ ᠤᠯᠠᠭᠠᠨᠰᠤᠬᠠᠢ ᠶᠢᠨ | ᠰᠠᠪᠠ ᠭᠠᠵᠠᠷ ᠤᠨ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ︽ᠤᠮᠠᠷᠠᠳᠤ ᠶᠢᠨ ᠭᠤᠷᠪᠡᠨ ᠤᠷᠤᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠠᠶᠢᠳᠠᠪᠤᠷᠢᠵᠢᠭᠤᠯᠤᠯᠲᠠ ᠪᠠ ᠡᠯᠡᠰᠦᠨ ᠴᠥᠯ ᠤᠨ ᠬᠥᠪᠡᠭᠡ ᠵᠠᠬ᠎ᠠ ᠶᠢ ᠪᠢᠲᠡᠭᠦᠮᠵᠢᠯᠡᠬᠦ ᠶᠢ ᠪᠠᠲᠤᠯᠠᠵᠤ᠂ ᠤᠯᠠᠮ | ᠨᠢᠭᠡ ᠠᠯᠬᠤᠮ ᠤᠰᠤᠨ ᠤ ᠡᠬᠢ ᠰᠤᠷᠪᠤᠯᠵᠢ ᠶᠢ ᠬᠠᠳᠠᠭᠠᠯᠠᠵᠤ᠂ ᠬᠦᠷᠤᠰᠤ ᠰᠢᠷᠣᠶ ᠶᠢ ᠬᠠᠮᠠᠭᠠᠯᠠᠬᠤ ᠬᠡᠷᠡᠭᠲᠡᠶ ᠭᠡᠵᠤ ᠰᠠᠨᠠᠭᠤᠯᠪᠠ᠃ |