3 ᠰᠠᠷ᠎ᠠ ᠶᠢᠨ 5 ᠤ ᠦᠳᠡ ᠶᠢᠨ ᠡᠮᠦᠨ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠡᠷᠬᠢᠯᠡᠭᠴᠢ ᠰᠤᠳᠤᠯᠤᠭᠴᠢ ᠶᠠᠨ ᠬᠤᠩ ᠸᠧᠢ ᠶᠡᠷᠦᠩᠬᠡᠢ ᠰᠠᠶᠢᠳ ᠯᠢ ᠴᠢᠶᠠᠩ ᠤᠨ | ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠬᠠᠢ ᠶᠢᠨ ᠲᠠᠯᠠᠪᠠᠢ ᠳᠤ ᠰᠣᠨᠣᠰᠤᠭᠠᠳ ᠮᠠᠰᠢ ᠤᠷᠮᠠᠰᠢᠨ ᠵᠣᠷᠢᠭᠵᠢᠪᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ | ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠦᠨ᠂ ᠰᠢᠨ᠎ᠡ ᠬᠥᠳᠡᠯᠭᠡᠭᠴᠢ ᠡᠨᠧᠷᠭᠢ ᠶᠢᠨ ᠬᠤᠷᠠᠮᠳᠤᠨ ᠬᠥᠭᠵᠢᠬᠦ ᠬᠠᠨᠳᠤᠰᠢ᠂ | ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠰᠢᠨ᠎ᠡ ᠲᠡᠰ ᠲᠡᠪᠰᠢᠯᠳᠡ ᠶᠢ ᠠᠬᠢᠭᠤᠯᠤᠨ᠎ᠠ ᠭᠡᠵᠦ ᠳᠤᠷᠠᠳᠪᠠ᠃ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ ᠤᠨ ᠰᠤᠳᠤᠯᠭᠠᠨ ᠤ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠣᠯᠤᠭᠰᠠᠨ ᠤ ᠬᠤᠪᠢ ᠳᠤ ᠥᠪᠡᠷ ᠢᠶᠠᠨ ᠮᠠᠰᠢ | ᠭᠦᠨ ᠲᠥᠷᠥᠭᠳᠡᠯ ᠲᠠᠢ ᠪᠠᠶᠢᠨ᠎ᠠ︾ ᠭᠡᠵᠦ ᠶᠠᠨ ᠬᠤᠩ ᠸᠧᠢ ᠬᠡᠯᠡᠪᠡ᠃ | ᠲᠡᠷᠡ᠂ ᠬᠡᠷᠬᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠵᠤ᠂ ᠮᠠᠨ ᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠳᠡᠯᠡᠬᠡᠢ ᠳᠠᠬᠢ ᠦᠷᠢᠰᠦᠯᠳᠦᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠪᠣᠯ ᠮᠢᠨᠤ ᠪᠣᠳᠣᠯᠬᠢᠯᠠᠭᠰᠠᠭᠠᠷ ᠢᠷᠡᠭᠰᠡᠨ ᠠᠰᠠᠭᠤᠳᠠᠯ ᠪᠣᠯᠤᠨ᠎ᠠ᠃ ᠬᠤᠪᠣᠷ ᠰᠢᠷᠣᠶ ︽ᠤᠳᠤ ᠦᠶ᠎ᠡ ᠶᠢᠨ ᠠᠵᠤ ᠦᠢᠯᠡᠳᠪᠦᠷᠢ ᠶᠢᠨ | ᠸᠢᠲ᠋ᠠᠮᠢᠨ︾ ᠬᠡᠮᠡᠭᠳᠡᠪᠡ᠃ ᠮᠠᠨ ᠤ ᠤᠯᠤᠰ ᠪᠣᠯ ᠳᠡᠯᠡᠬᠡᠶ ᠶᠢᠨ ᠨᠢᠭᠡᠳᠦᠭᠡᠷ ᠬᠤᠪᠣᠷ ᠰᠢᠷᠣᠶ ᠶᠢᠨ ᠬᠠᠳᠠᠭᠠᠯᠠᠭᠳᠠᠴᠠ ᠶᠢᠨ ᠲᠣᠮᠣ ᠤᠯᠤᠰ ᠪᠠ ᠨᠢᠭᠡᠳᠦᠭᠡᠷ | ᠦᠢᠯᠡᠳᠪᠦᠷᠢᠯᠡᠯ ᠤᠨ ᠲᠣᠮᠣ ᠤᠯᠤᠰ ᠪᠠᠶᠢᠵᠦ᠂ ᠡᠭᠦᠨ ᠳᠤ ᠮᠠᠨ ᠤ ᠣᠷᠣᠨ ᠤ ᠪᠤᠭᠤᠲᠤ ᠬᠤᠲᠠ ᠳᠤ ᠪᠥᠬᠦ ᠤᠯᠤᠰ ᠤᠨ 83.7%᠂ ᠪᠥᠬᠦ | ᠳᠡᠯᠡᠬᠡᠶ ᠶᠢᠨ 37.8% ᠢᠢᠨ ᠬᠠᠳᠠᠭᠠᠯᠠᠭᠳᠠᠴᠠ ᠲᠠᠢ᠃ ᠬᠤᠪᠣᠷ ᠰᠢᠷᠣᠶ ᠶᠢᠨ ᠠᠵᠤ ᠦᠢᠯᠡᠰ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠮᠠᠨᠳᠤᠬᠰᠡᠨ ᠠᠵᠤ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠮᠥᠨ ᠴᠦ ᠡᠬᠢᠨ ᠤ ᠦᠢᠯᠡᠳᠭᠦᠨ ᠪᠠ ᠡᠴᠦᠰ ᠤᠨ | ᠦᠢᠯᠡᠳᠭᠦᠨ ᠯᠦᠭᠡ ᠨᠢᠭᠲᠠ ᠬᠤᠯᠪᠣᠭᠳᠠᠬᠤ᠂ ᠬᠡᠷᠡᠭᠯᠡᠭᠡᠨ ᠤ ᠬᠦᠷᠢᠶ᠎ᠡ ᠬᠡᠪᠴᠢᠶ᠎ᠡ ᠨᠢ ᠠᠵᠤ ᠠᠬᠤᠶ ᠪᠠ ᠠᠮᠢᠳᠤᠷᠠᠯ ᠤᠨ ᠲᠠᠯ᠎ᠠ ᠪᠦᠬᠦᠨ ᠳᠤ | ᠬᠤᠯᠪᠣᠭᠳᠠᠬᠤ ᠠᠵᠤ ᠦᠢᠯᠡᠰ ᠪᠣᠯᠤᠨ᠎ᠠ ᠭᠡᠵᠤ ᠢᠯᠡᠳᠭᠡᠪᠡ᠃ | ᠲᠡᠷᠡ᠂ ᠬᠤᠪᠣᠷ ᠰᠢᠷᠣᠶ ᠶᠢᠨ ᠠᠵᠤ ᠦᠢᠯᠡᠰ ᠨᠢ ᠤᠶᠢᠷ᠎ᠡ ᠶᠢᠨ ᠵᠢᠯ ᠤᠨ ᠬᠥᠭᠵᠢᠯᠲᠡ ᠮᠠᠰᠢ ᠲᠦᠷᠭᠡᠨ ᠪᠠᠶᠢᠭ᠎ᠠ ᠵᠣᠬᠢᠶᠠᠮᠠᠯ ᠣᠶᠤᠨ | ᠴᠢᠳᠠᠪᠤᠷᠢ ᠶᠢᠨ ᠮᠡᠷᠭᠡᠵᠢᠯ ᠲᠠᠢ ᠤᠶᠠᠯᠳᠤᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠦᠴᠤᠨ ᠣᠯᠭᠤᠬᠤ ᠰᠢᠨ᠎ᠡ ᠠᠷᠭ᠎ᠠ ᠵᠠᠮ ᠢᠶᠠᠷ ᠲᠤᠷᠰᠢᠨ | ᠵᠠᠮᠨᠠᠵᠤ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠠ ᠠᠵᠤ ᠦᠢᠯᠡᠰ ᠤᠨ | ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠠᠶᠢᠴᠢᠯᠠᠵᠤ᠂ ᠵᠣᠬᠢᠶᠠᠮᠠᠯ ᠣᠶᠤᠨ ᠴᠢᠳᠠᠪᠤᠷᠢ ᠪᠣᠯᠤᠨ ᠬᠤᠪᠣᠷ ᠰᠢᠷᠣᠶ ᠶᠢᠨ ᠠᠵᠤ ᠦᠢᠯᠡᠰ ᠤᠨ ᠮᠡᠳᠡᠭᠡ | ᠵᠠᠩᠭᠢ ᠶᠢᠨ ᠡᠷᠭᠢᠯᠲᠡ ᠳᠤ ᠣᠷᠣᠬᠤ ᠶᠢ ᠪᠡᠶᠡᠯᠡᠭᠦᠯᠵᠤ᠂ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠯᠲᠠ᠂ ᠦᠢᠯᠡᠳᠪᠦᠷᠢᠯᠡᠯ᠂ ᠬᠠᠮᠢᠶᠠᠷᠤᠯᠲᠠ ᠶᠢᠨ | ᠰᠢᠢᠳᠪᠦᠷᠢᠲᠦ ᠪᠣᠳᠣᠯᠭ᠎ᠠ ᠵᠡᠷᠭᠡ ᠪᠦᠬᠦ ᠭᠤᠭᠴᠤᠭ᠎ᠠ ᠶᠢᠨ ᠭᠦᠨᠵᠡᠭᠡᠶ ᠠᠭᠤᠰᠤᠯᠴᠠᠯ ᠢ ᠪᠠᠶᠠᠯᠡᠬᠦᠯᠵᠤ᠂ ᠬᠤᠪᠣᠷ ᠰᠢᠷᠣᠶ ᠶᠢᠨ ᠬᠡᠷᠡᠭᠯᠡᠭᠡᠨ ᠤ ᠰᠤᠳᠤᠯᠭᠠᠨ ᠢ | ᠴᠢᠩᠭᠠᠳᠬᠠᠬᠤ ᠪᠠᠷ ᠳᠠᠮᠵᠢᠨ ︽ᠬᠤᠪᠣᠷ ᠰᠢᠷᠣᠶ +︾ ᠠᠵᠤ ᠦᠢᠯᠡᠰ ᠤᠨ ᠬᠤᠯᠪᠣᠯᠳᠤᠨ ᠬᠥᠭᠵᠢᠬᠦ ᠣᠷᠣᠨ ᠵᠠᠶ ᠶᠢ ᠥᠷᠭᠡᠳᠭᠡᠬᠦ ᠵᠡᠷᠭᠡ ᠠᠯᠢ ᠣᠯᠠᠨ | ᠪᠣᠳᠠᠲᠤ ᠪᠦᠲᠦᠮᠵᠢᠲᠦ ᠴᠢᠨᠠᠷᠲᠠᠶ ᠠᠷᠭ᠎ᠠ ᠬᠡᠮᠵᠢᠶ᠎ᠡ ᠨᠢ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠤᠷᠰᠢᠯᠲᠠ ᠶᠢᠨ | ᠲᠠᠰᠤᠭ ᠠᠴᠠ ᠲᠣᠮᠣ ᠵᠠᠬ᠎ᠠ ᠳᠡᠯᠭᠡᠭᠦᠷ ᠲᠤ ᠭᠠᠷᠭᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠠᠵᠠ | ᠲᠣᠬᠢᠶᠠᠯ ᠪᠠ ᠬᠢᠵᠠᠭᠠᠯᠠᠰᠢ ᠥᠬᠡᠶ ᠪᠣᠯᠤᠯᠴᠠᠭ᠎ᠠ ᠬᠠᠩᠭᠠᠪᠡᠯ ᠵᠤᠬᠢᠨ᠎ᠠ ᠭᠡᠵᠤ ᠦᠵᠡᠪᠡ᠃ |