ᠬᠠᠨ ᠵᠧᠩ ᠱᠠᠨᠳᠦ᠋ᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ — ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ ᠪᠥᠬᠦ ᠵᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2025/3/7
     ᠤᠯᠤᠰ ᠤᠨ ᠳᠡᠳ᠋ ᠲᠡᠷᠢᠭᠦᠯᠡᠭᠴᠢ ᠬᠠᠨ ᠵᠧᠩ 5 ᠤ ᠡᠳᠦᠷ ᠤᠨ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠱᠠᠨᠳᠦ᠋ᠩ ᠤᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠸᠠᠩ ᡁᠢ ᠸᠧᠢ᠂ ᠵᠠᠩ ᠶᠦᠩ ᠮᠢᠩ᠂ ᠵᠧᠩ ᠰᠧ ᠮᠢᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠬᠠᠨ ᠵᠧᠩ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠡᠨᠲᠡᠢ ᠪᠠᠶᠢᠯ᠎ᠠ᠃    ᠲᠥᠯᠥᠭᠡᠯᠡᠭᠴᠢᠳ ᠤᠨ ᠬᠡᠯᠡᠭᠰᠡᠨ ᠦᠭᠡ ᠶᠢ ᠰᠣᠨᠣᠰᠤᠭᠰᠠᠨ ᠤ ᠳᠠᠷᠠᠭ᠎ᠠ ᠬᠠᠨ ᠵᠧᠩ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ ᠰᠠᠶᠢᠨ ᠢᠯᠡᠳᠭᠡᠯ ᠪᠣᠯᠵᠠᠶ᠂ ᠪᠢ ᠡᠨᠡ ᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠪᠡ᠃    ᠬᠠᠨ ᠵᠧᠩ᠂ 2024 ᠣᠨ ᠳᠤ᠂ ᠭᠠᠳᠠᠭᠠᠳᠤ ᠶᠢᠨ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠤᠯᠤᠰ ᠤᠨ ᠠᠵᠤ ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠡᠳᠡᠬᠡᠷ ᠬᠢᠯᠪᠡᠷ ᠪᠤᠰᠤ ᠪᠠᠷ ᠣᠯᠤᠭᠰᠠᠨ ᠠᠮᠵᠢᠯᠲᠠ ᠪᠦᠲᠦᠮᠵᠢ ᠶᠢᠨ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠤᠭᠤᠳᠤᠨ ᠵᠠᠯᠠᠭᠤᠷ ᠢ ᠡᠵᠡᠮᠳᠡᠭᠰᠡᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ ᠭᠡᠵᠦ ᠢᠯᠡᠳᠭᠡᠪᠡ᠃    ᠬᠠᠨ ᠵᠧᠩ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠤᠨ᠎ᠠ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠰᠠᠶᠢᠲᠤᠷ ᠪᠡᠶᠡᠯᠡᠭᠦᠯᠬᠦ ᠬᠡᠷᠡᠭᠲᠡᠢ᠃ ᠶᠡᠷᠦᠩᠬᠡᠢ ᠬᠠᠩᠭᠠᠯᠭ᠎ᠠ ᠪᠣᠯᠤᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠭᠡᠵᠦ᠂ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠲᠦᠯᠦᠨ ᠳᠠᠭᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠭᠡᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠥᠷᠭᠡᠳᠭᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠢᠮᠠᠭᠲᠠ ᠤᠯᠠᠨ ᠤᠯᠤᠰ ᠤᠨ ᠶᠣᠰᠣ ᠵᠢᠷᠤᠮ ᠤᠨ ᠠᠰᠢᠭᠲᠠᠢ ᠪᠠᠶᠢᠷᠢ ᠶᠢ ᠡᠵᠡᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠰᠠᠶᠢᠨ ᠭᠠᠳᠠᠭᠠᠳᠤ ᠣᠷᠴᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠠᠨ ᠵᠧᠩ ᠱᠠᠨᠳᠦ᠋ᠩ ᠤᠨ ᠡᠯ᠎ᠡ ᠲᠠᠯ᠎ᠠ ᠶᠢᠨ ᠠᠵᠢᠯ ᠤᠨ ᠣᠯᠤᠭᠰᠠᠨ ᠰᠢᠨ᠎ᠡ ᠠᠮᠵᠢᠯᠲᠠ ᠶᠢ ᠭᠦᠢᠴᠡᠳ ᠨᠤᠲᠠᠯᠠᠵᠤ᠂ ᠱᠠᠨᠳᠦ᠋ᠩ ᠮᠤᠵᠢ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠡᠮᠦᠨ᠎ᠡ ᠨᠢ ᠬᠤᠰᠢᠭᠤᠷᠠᠵᠤ᠂ ᠭᠤᠤᠯ ᠡᠭᠦᠷᠭᠡ ᠶᠢ ᠡᠭᠦᠷᠭᠡᠯᠡᠬᠦ︾ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠬᠦ ᠲᠠᠯ᠎ᠠ ᠪᠠᠷ ᠲᠡᠷᠢᠭᠦᠨ ᠤ ᠬᠢ ᠪᠤᠯᠬᠤ ᠪᠠᠷ ᠡᠷᠡᠯᠬᠡᠭᠯᠡᠨ ᠲᠡᠮᠡᠴᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠪᠡ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ