ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠶ ᠰᠠᠶᠢᠳ ᠳ᠋ᠢᠩ ᠰᠢᠤᠸᠠᠢ ᠰᠢᠶᠠᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ | ᠯᠢᠶᠣᠤᠨᠢᠩ ᠤᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ | ᠵᠦᠪᠯᠡᠪᠡ᠃ ᠵᠢᠢ ᠷᠦᠢ ᠳ᠋ᠦᠩ᠂ ᠶᠠᠩ ᠰᠢᠤᠸᠠᠢ ᠮᠢᠩ᠂ ᠰᠦᠨ ᠰᠣ᠋ ᠶᠦᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ | ᠲᠥᠯᠥᠭᠡᠯᠡᠭᠴᠢᠳ ᠤᠨ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠳ᠋ᠢᠩ ᠰᠢᠤᠸᠠᠢ ᠰᠢᠶᠠᠩ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ | ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠭᠰᠡᠨ᠂ ᠵᠠᠮ ᠨᠡᠭᠡᠭᠡᠨ | ᠰᠢᠨ᠎ᠡ ᠶᠢ ᠡᠭᠦᠳᠦᠭᠰᠡᠨ᠂ ᠢᠲᠡᠭᠡᠯ ᠵᠣᠷᠢᠭ ᠢ ᠬᠥᠪᠴᠢᠯᠡᠭᠰᠡᠨ ᠰᠠᠶᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠤ ᠬᠡᠯᠡᠪᠡ᠃ | ᠳ᠋ᠢᠩ ᠰᠢᠤᠸᠠᠢ ᠰᠢᠶᠠᠩ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠬᠥᠭᠵᠢᠯᠲᠡ ᠮᠠᠰᠢ ᠶᠡᠷᠦ ᠪᠤᠰᠤ ᠶᠢᠨ ᠶᠠᠪᠤᠴᠠ ᠶᠢ ᠥᠩᠭᠡᠷᠡᠭᠦᠯᠵᠦ᠂ ᠴᠢᠬᠤᠯᠠ ᠶᠡᠭᠡ | ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠵᠠᠢ᠃ ᠨᠠᠷᠢᠨ | ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠳᠣᠣᠷ᠎ᠠ ᠬᠥᠮᠦᠰ ᠢ ᠵᠣᠷᠢᠭᠵᠢᠭᠤᠯᠤᠮ᠎ᠠ ᠠᠮᠵᠢᠯᠲᠠ ᠣᠯᠤᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ | ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠭᠰᠡᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ ᠪᠢᠳᠡ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠶᠡᠷᠦ ᠪᠤᠰᠤ ᠶᠢᠨ ᠥᠩᠭᠡᠷᠡᠯᠲᠡ ᠠᠴᠠ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ | ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠤ ᠢᠯᠡᠳᠭᠡᠪᠡ᠃ | ᠳ᠋ᠢᠩ ᠰᠢᠤᠸᠠᠢ ᠰᠢᠶᠠᠩ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ | ᠂ ᠬᠥᠭᠵᠢᠯᠲᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠡᠷᠬᠡᠪᠰᠢ ᠰᠢ ᠶᠢᠨ ᠫᠢᠩ ᠤᠨ ᠠᠵᠤ ᠠᠬᠤᠶ ᠶᠢᠨ ᠦᠵᠡᠯ | ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ | ᠬᠦᠴᠦᠯᠡᠨ ᠠᠳᠬᠤᠵᠤ᠂ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠪᠠᠷ ᠪᠠᠷᠠᠬᠤ ᠥᠬᠡᠶ ᠨᠠᠩ ᠴᠤ ᠶᠠᠰᠤ ᠴᠢᠨᠠᠷ ᠢ ᠳᠡᠭᠡᠭᠰᠢᠯᠡᠭᠦᠯᠵᠦ᠂ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠣᠷᠭᠠᠨᠢᠭ ᠢᠶᠠᠷ ᠨᠢᠭᠡᠳᠭᠡᠬᠦ ᠬᠡᠷᠡᠭᠲᠡᠶ᠃ ᠳᠣᠲᠣᠭᠠᠳᠤ ᠬᠡᠷᠡᠭᠴᠡᠭᠡ | ᠢᠯᠠᠩᠭᠤᠶ᠎ᠠ ᠬᠡᠷᠡᠭᠯᠡᠭᠡ ᠶᠢᠨ ᠬᠡᠷᠡᠭᠴᠡᠭᠡ ᠶᠢ ᠬᠦᠴᠦᠯᠡᠨ ᠥᠷᠭᠡᠳᠭᠡᠵᠦ᠂ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠰᠠᠶᠢᠲᠤᠷ ᠬᠡᠷᠡᠭᠯᠡᠵᠦ᠂ | ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠬᠤ ᠬᠡᠷᠡᠭᠳᠠᠢ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠴᠢᠳᠠᠪᠤᠷᠢᠲᠠᠨ ᠤ ᠨᠢᠭᠡ ᠴᠣᠭᠴᠠᠵᠢᠨ ᠬᠥᠭᠵᠢᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠨ ᠬᠥᠭᠵᠢᠭᠦᠯᠬᠦ ᠬᠡᠷᠡᠭᠳᠠᠢ᠃ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯ ᠵᠡᠷᠭᠡ ᠠᠰᠠᠭᠤᠳᠠᠯ ᠢ ᠰᠡᠷᠭᠡᠶᠢᠯᠡᠨ ᠬᠤᠷᠢᠭᠯᠠᠵᠤ᠂ ᠡᠯᠧᠮᠧᠨ᠋ᠲ ᠤᠨ | ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠲᠤᠬᠢᠷᠠᠭᠤᠯᠬᠤ ᠶᠢ ᠠᠬᠢᠭᠤᠯᠬᠤ ᠬᠡᠷᠡᠭᠳᠠᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠬᠦᠴᠦᠯᠡᠨ | ᠰᠠᠶᠢᠲᠤᠷ ᠰᠠᠬᠢᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ | ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ ᠨᠢᠭᠡᠳᠦᠯᠲᠡᠢ ᠪᠠᠶᠢᠬᠤ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ ᠯᠢᠶᠣᠤᠨᠢᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠰᠢᠨ᠎ᠡ ᠠᠮᠵᠢᠯᠲᠠ ᠪᠦᠲᠦᠮᠵᠢ ᠶᠢ ᠭᠦᠢᠴᠡᠳ | ᠨᠤᠲᠠᠯᠠᠵᠤ᠂ ᠯᠢᠶᠣᠤᠨᠢᠩ ᠮᠤᠵᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠶᠢ ᠲᠦᠷᠭᠡᠨ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠠᠢ᠃ ᠠᠵᠤ ᠠᠬᠤᠢ ᠶᠢᠨ ᠰᠡᠷᠭᠦᠨ ᠰᠠᠶᠢᠵᠢᠷᠠᠬᠤ | ᠬᠠᠨᠳᠤᠰᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠲᠠᠢ ᠤᠶᠠᠯᠳᠤᠭᠤᠯᠤᠨ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠢᠳᠡᠪᠬᠢ ᠡᠯᠧᠮᠧᠨ᠋ᠲ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ | ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠦᠷᠭᠦᠯᠵᠢᠯᠡᠨ ᠰᠣᠯᠢᠭᠳᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠳᠠᠢ᠃ ᠬᠥᠳᠡᠯᠭᠡᠬᠦ ᠬᠦᠴᠦᠨ ᠪᠠ ᠠᠮᠢᠵᠢᠷᠠᠯ ᠤᠨ | ᠬᠦᠴᠦᠨ ᠢ ᠬᠥᠭᠵᠢᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠣᠲᠣᠭᠠᠳᠤ ᠭᠠᠳᠠᠭᠠᠳᠤ ᠨᠡᠬᠡᠬᠡᠯᠳᠡ ᠶᠢᠨ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠤ ᠬᠦᠴᠢᠷ ᠵᠣᠪᠠᠭᠤᠷᠢ ᠶᠢ ᠣᠨᠣᠪᠴᠢᠲᠠᠶ | ᠪᠦᠲᠦᠮᠵᠢᠲᠡᠶ ᠰᠢᠢᠳᠪᠦᠷᠢᠯᠡᠬᠦ ᠬᠡᠷᠡᠭᠳᠠᠢ᠃ ᠦᠵᠡᠰᠭᠦᠯᠡᠩᠲᠦ ᠰᠠᠶᠢᠬᠠᠨ ᠯᠢᠶᠣᠤᠨᠢᠩ ᠤᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ | ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠪᠣᠬᠢᠷᠲᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠭᠡᠬᠦ ᠥᠰᠦᠯᠲᠡ ᠶᠢ | ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠬᠤ ᠬᠡᠷᠡᠭᠳᠠᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠯᠢᠶᠣᠤᠨᠢᠩ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠳᠤ ᠦᠨᠳᠦᠰᠦᠨ ᠪᠠᠲᠤᠯᠠᠭ᠎ᠠ ᠬᠠᠩᠭᠠᠬᠤ ᠶᠢ ᠬᠦᠰᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶ |