ᠸᠠᠩ ᠬᠣ᠋ ᠨᠢᠩ ᠭᠦᠢᠵᠧᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ — ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠯᠠᠪᠳᠠᠭᠤᠨ ᠪᠠᠲᠤᠲᠠᠶ ᠪᠡᠶᠡᠯᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2025/3/7
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ 5 ᠤ ᠡᠳᠦᠷ ᠤᠨ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠭᠦᠢᠵᠧᠦ ᠶᠢᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠯᠢ ᠨᠢ ᠨᠨ᠂ ᠬᠤᠸᠠᠩ ᠸᠧᠢ᠂ ᠳ᠋ᠦ᠋ ᠸᠧᠢ ᠵᠡᠷᠭᠡ ᠲᠥᠯᠥᠭᠡᠯᠡᠭᠴᠢ ᠢᠳᠡᠪᠬᠢᠲᠡᠢ ᠦᠭᠡ ᠬᠡᠯᠡᠵᠦ᠂ ᠬᠤᠷᠠᠯ ᠤᠨ ᠲᠠᠯᠠᠪᠠᠢ ᠬᠦᠷ ᠬᠥᠭᠵᠢᠶᠡᠨᠲᠡᠢ ᠪᠠᠶᠢᠯ᠎ᠠ᠃    ᠸᠠᠩ ᠬᠣ᠋ ᠨᠢᠩ ᠲᠥᠯᠥᠭᠡᠯᠡᠭᠴᠢᠳ ᠤᠨ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠢᠯᠡᠷᠡᠭᠦᠯᠪᠡ᠃ ᠡᠨᠡ ᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠢᠯᠡᠳᠭᠡᠪᠡ᠃    ᠸᠠᠩ ᠬᠣ᠋ ᠨᠢᠩ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ ᠵᠢᠯ ᠤᠨ ᠲᠤᠷᠰᠢ ᠣᠯᠤᠭᠰᠠᠨ ᠠᠮᠵᠢᠯᠲᠠ ᠶᠢᠨ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠵᠢᠯᠣᠭᠤᠳᠤᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠃ ᠪᠢᠳᠡ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠢᠲᠡᠭᠡᠯ ᠵᠣᠷᠢᠭ ᠢᠶᠠᠨ ᠨᠠᠩ ᠪᠠᠲᠤᠳᠬᠠᠬᠤ ᠬᠡᠷᠡᠭᠲᠡᠶ ᠭᠡᠵᠦ ᠢᠯᠡᠳᠭᠡᠪᠡ᠃    ᠸᠠᠩ ᠬᠤ᠋ ᠨᠢᠩ ᠭᠦᠢᠵᠧᠤ ᠮᠤᠵᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠪᠠᠷ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠯᠠᠪᠳᠠᠭᠤᠨ ᠪᠠᠲᠤᠲᠠᠶ ᠪᠡᠶᠡᠯᠡᠭᠦᠯᠬᠦ ᠬᠡᠷᠡᠭᠲᠡᠶ᠃ ᠬᠥᠭᠵᠢᠯᠲᠡ ᠶᠢᠨ ᠵᠣᠭᠰᠣᠴᠠ ᠪᠠᠨ ᠴᠢᠨᠠᠷ ᠰᠠᠶᠢᠲᠠᠶ ᠬᠥᠭᠵᠢᠯᠲᠡ ᠳᠡᠭᠡᠷ᠎ᠡ ᠲᠠᠯᠪᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠰᠢᠪᠲᠤᠯᠤᠯᠲᠠ ᠪᠣᠯᠤᠨ ᠬᠤᠰᠢᠭᠤᠴᠢ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠤᠰ ᠭᠠᠵᠠᠷ ᠣᠷᠣᠨ ᠳᠤ ᠬᠤᠯᠪᠣᠭᠳᠠᠬᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠣᠳᠠᠲᠠᠢ ᠠᠳᠬᠤᠨ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠶᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠠᠬᠢᠭᠤᠯᠬᠤ ᠬᠡᠷᠡᠭᠲᠡᠢ ᠭᠡᠵᠦ ᠬᠦᠰᠡᠪᠡ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ