ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠬᠠᠷᠢᠶᠠᠲᠤ | ᠣᠷᠣᠨ ᠤ ᠰᠠᠭᠤᠭᠠᠯᠢ ᠠᠷᠠᠳ ᠤᠨ ᠣᠳᠠᠰᠣ ᠶᠢ ᠲᠣᠰᠴᠣ᠂ ᠲᠡᠳᠡ ᠡᠪᠡᠰᠦ ᠬᠠᠳᠤᠬᠤ ᠳᠠᠭᠠᠨ ᠨᠢᠭᠡ ᠲᠣᠮᠣ ᠬᠡᠬᠡᠷ᠎ᠡ ᠶᠢᠨ ᠰᠢᠪᠠᠭᠤ ᠶᠢ ᠣᠯᠵᠤ | ᠦᠵᠡᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠪᠰᠤᠷᠤᠯᠭ᠎ᠠ ᠶᠢ ᠭᠤᠶᠤᠴᠢᠯᠠᠵᠠᠶ᠃ | | | | | | | ᠲᠣᠰ ᠰᠠᠯᠪᠤᠷᠢ ᠶᠢᠨ ᠠᠷᠠᠳ ᠤᠨ ᠲᠤᠰᠠᠯᠠᠬᠤ ᠴᠠᠭᠳᠠᠭ᠎ᠠ ᠳᠠᠷᠦ᠋ᠢᠬᠠᠨ ᠲᠤᠬᠠᠶ ᠶᠢᠨ ᠲᠠᠯᠠᠪᠤᠷ ᠲᠤ ᠬᠦᠷᠴᠦ᠂ ᠡᠨᠡ ᠬᠦ ᠲᠣᠮᠣ ᠰᠢᠪᠠᠭᠤ ᠶᠢ ᠲᠦᠷ | ᠴᠠᠭ ᠲᠥᠪᠬᠢᠨᠡᠭᠦᠯᠬᠦ ᠶᠢᠨ ᠬᠠᠮᠲᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠠᠵᠢᠯᠲᠠᠨ ᠲᠠᠢ ᠬᠠᠷᠢᠯᠴᠠᠵᠤ | ᠰᠢᠢᠳᠪᠦᠷᠢᠯᠡᠬᠦᠯᠪᠡ᠃ ᠠᠵᠢᠯᠲᠠᠨ ᠤ ᠬᠢᠨᠠᠨ ᠲᠣᠭᠲᠠᠭᠠᠯ ᠢᠶᠠᠷ ᠳᠠᠮᠵᠢᠭᠠᠳ᠂ ᠡᠨᠡ ᠬᠦ ᠰᠢᠪᠠᠭᠤ ᠨᠢ ᠬᠦᠰᠦᠨ ᠳᠡᠰ ᠪᠠᠶᠢᠵᠤ᠂ ᠤᠯᠤᠰ ᠤᠨ ᠨᠢᠭᠡᠳᠦᠭᠡᠷ | ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠣᠨ᠎ᠠ᠂ ᠭᠤᠣᠯᠳᠠᠭᠤ ᠪᠣᠭᠤᠨᠢ ᠠᠭᠤᠯᠠᠨ ᠳᠣᠪᠤ ᠪᠠ ᠥᠨᠳᠥᠷ ᠠᠭᠤᠯᠠ ᠶᠢᠨ ᠡᠵᠡᠭᠦᠢ ᠬᠢᠭᠡᠳ ᠣᠢ | ᠰᠢᠭᠤᠢ ᠶᠢᠨ ᠳᠤᠮᠳᠠᠬᠢ ᠡᠵᠡᠬᠦᠢ ᠴᠢᠯᠠᠭᠤᠯᠢᠭ ᠡᠪᠡᠰᠦᠲᠦ ᠭᠠᠵᠠᠷ᠂ ᠠᠭᠤᠯᠠᠨ ᠵᠢᠯᠠᠭ᠎ᠠ ᠶᠢᠨ ᠭᠤᠣᠯ ᠭᠤᠷᠤᠬ᠎ᠠ ᠲᠠᠢ ᠭᠠᠵᠠᠷ ᠪᠠ ᠣᠶᠢᠲᠣ ᠭᠠᠵᠠᠷ ᠤᠨ | ᠬᠦᠪᠡᠭᠡ ᠪᠠᠷ ᠨᠤᠲᠤᠭᠰᠢᠳᠠᠭ᠃ | ᠨᠠᠷᠢᠨ ᠪᠠᠶᠢᠴᠠᠭᠠᠯᠲᠠ ᠪᠠᠷ ᠳᠠᠮᠵᠢᠭᠠᠳ ᠲᠣᠰ ᠬᠦᠰᠦᠨ ᠳᠡᠰ ᠤᠨ ᠢᠯᠡᠷᠬᠡᠢ ᠭᠠᠳᠠᠷ ᠰᠢᠷᠬ᠎ᠠ ᠪᠠᠶᠢᠬᠤ ᠦᠬᠡᠢ᠂ ᠢᠳᠡᠰᠢ ᠡᠷᠢᠬᠦ ᠳᠤ ᠬᠦᠴᠢᠷᠳᠡᠵᠦ | ᠲᠠᠮᠢᠷ ᠲᠡᠩᠬᠡᠭᠡ ᠨᠢ ᠮᠠᠭᠤᠳᠠᠭᠰᠠᠨ ᠠᠴᠠ ᠬᠡᠭᠡᠷ᠎ᠡ ᠭᠠᠳᠠᠨ᠎ᠠ ᠠᠮᠢᠳᠤᠷᠠᠬᠤ ᠶᠢᠨ ᠠᠷᠭ᠎ᠠ ᠦᠭᠡᠢ ᠪᠣᠯᠤᠭᠰᠠᠨ ᠢ ᠮᠠᠭᠠᠳᠯᠠᠵᠠᠶ᠃ ᠣᠳᠣᠬᠠᠨ ᠳᠤ᠂ | ᠠᠷᠠᠳ ᠤᠨ ᠴᠠᠭᠳᠠᠭ᠎ᠠ ᠪᠣᠯᠤᠨ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠠᠵᠢᠯᠲᠠᠳ ᠨᠢᠭᠡᠨᠲᠡ ᠬᠦᠰᠦᠨ ᠲᠠᠰ ᠢ ᠤᠷᠠᠳ ᠤᠨ | ᠡᠮᠦᠨᠡᠲᠦ ᠬᠤᠰᠢᠭᠤᠨ ᠤ ᠠᠮᠢᠲᠠᠨ ᠢ ᠠᠪᠤᠷᠠᠨ ᠲᠤᠰᠠᠯᠠᠬᠤ ᠲᠥᠪ ᠲᠤ ᠬᠦᠷᠭᠡᠨ ᠰᠤᠪᠢᠯᠠᠭᠤᠯᠵᠤ᠂ ᠲᠠᠮᠢᠷ ᠲᠡᠩᠬᠡᠭᠡ ᠨᠢ ᠬᠦᠢᠴᠡᠳ ᠰᠡᠷᠭᠦᠭᠡᠭᠰᠡᠨ ᠤ | ᠳᠠᠷᠠᠭ᠎ᠠ ᠡᠬᠡ ᠪᠠᠶᠢᠭᠠᠯᠢ ᠳᠤ ᠨᠢ ᠪᠣᠴᠠᠭᠠᠬᠤ ᠪᠠᠷ ᠪᠣᠢ᠃ | ᠬᠡᠭᠡᠷ᠎ᠡ ᠶᠢᠨ ᠠᠮᠢᠲᠠᠨ ᠤᠷᠭᠤᠮᠠᠯ ᠪᠣᠯ ᠪᠠᠶᠢᠭᠠᠯᠢ ᠶᠢᠨ ᠡᠬᠢ ᠪᠠᠶᠠᠯᠢᠭ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠨᠡᠩ ᠴᠤ ᠴᠢᠬᠤᠯᠠ | ᠠᠮᠢ ᠠᠬᠤᠶ ᠶᠢᠨ ᠰᠢᠰᠲ᠋ᠧᠮ ᠤᠨ ᠡᠬᠢ ᠪᠠᠶᠠᠯᠢᠭ ᠪᠣᠯᠤᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ | ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠳᠤ᠂ ᠪᠠᠶᠠᠨᠬᠤᠸᠠ | ᠪᠠᠯᠭᠠᠰᠤᠨ ᠤ ᠲᠣᠮᠢᠯᠠᠭᠰᠠᠨ ᠰᠠᠯᠪᠤᠷᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠷᠢᠶᠠᠲᠤ | ᠣᠷᠣᠨ ᠤ ᠲᠣᠰᠬᠤᠨ ᠤ ᠠᠷᠠᠳ ᠤᠨ ᠠᠮᠢᠲᠠᠨ ᠢ ᠬᠠᠮᠠᠭᠠᠯᠠᠬᠤ ᠤᠬᠠᠮᠰᠠᠷ ᠢ ᠦᠷᠭᠦᠯᠵᠢᠯᠡᠨ ᠳᠡᠭᠡᠭᠰᠢᠯᠡᠬᠦᠯᠵᠦ᠂ ᠬᠥᠮᠦᠨ ᠪᠣᠯᠭᠠᠨ ᠬᠡᠭᠡᠷ᠎ᠡ ᠶᠢᠨ ᠠᠮᠢᠲᠠᠨ ᠢ | ᠬᠠᠶᠢᠷᠠᠯᠠᠵᠤ᠂ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠡᠬᠢ ᠪᠠᠶᠠᠯᠢᠭ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠢ ᠪᠠᠲᠣᠯᠠᠭᠰᠠᠭᠠᠷ ᠢᠷᠡᠪᠡ᠃ |