ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2025/4/1
      ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠲᠣᠰ ᠬᠤᠷᠢᠶᠠᠨ ᠤ ᠬᠠᠷᠢᠭᠤᠴᠠᠯᠭᠠᠳᠠᠨ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠰᠢᠭᠦᠬᠦ ᠬᠤᠷᠢᠶᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠣᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠬᠡᠬᠦ ᠢᠲᠡᠭᠡᠯ ᠵᠣᠷᠢᠭ ᠪᠠ ᠢᠳᠡ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠬᠠᠤᠯᠢ ᠴᠠᠭᠠᠵᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ 2025 ᠣᠨ ᠤ ᠠᠵᠢᠯ ᠤᠨ ᠪᠠᠶᠢᠷᠢᠯᠠᠭᠤᠯᠤᠯᠲᠠ ᠪᠠᠷ ᠪᠠᠷᠢᠮᠵᠢᠶᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠱᠠᠭᠠᠷᠳᠠᠪᠠ᠃ ᠬᠤᠷᠠᠯ ᠠᠴᠠ ᠪᠠᠰᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠠᠵᠢᠯ ᠤᠨ ᠦᠨᠳᠦᠰᠦᠨ ᠰᠠᠭᠤᠷᠢ ᠶᠢ ᠪᠠᠲᠣᠳᠬᠠᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠤᠯᠤᠰ ᠲᠦᠷᠦ ᠶᠢᠨ ᠲᠠᠯ᠎ᠠ ᠠᠴᠠ ᠦᠵᠡᠵᠦ᠂ ᠬᠠᠤᠯᠢᠵᠢᠯ ᠤᠨ ᠲᠠᠯ᠎ᠠ ᠠᠴᠠ ᠰᠢᠢᠳᠪᠦᠷᠢᠯᠡᠵᠦ᠂ ᠬᠠᠤᠯᠢ ᠴᠠᠭᠠᠵᠠ ᠶᠢᠨ ᠦᠢᠯᠡᠴᠢᠯᠡᠭᠡ ᠪᠠᠲᠤᠯᠠᠭ᠎ᠠ ᠶᠢᠨ ᠣᠨᠣᠪᠴᠢ ᠶᠢᠨ ᠬᠡᠮᠵᠢᠶ᠎ᠡ ᠪᠣᠯᠤᠨ ᠪᠣᠳᠠᠲᠤ ᠪᠦᠲᠦᠮᠵᠢᠲᠦ ᠴᠢᠨᠠᠷ ᠢ ᠴᠢᠨᠠᠭᠰᠢᠳᠠ ᠴᠢᠩᠭᠠᠳᠬᠠᠨ᠂ ᠭᠤᠣᠯ ᠡᠭᠦᠷᠭᠡ ᠲᠠᠢ ᠨᠢᠭᠲᠠ ᠣᠶᠠᠯᠳᠣᠭᠤᠯᠵᠣ᠂ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠲᠥᠪ ᠭᠤᠣᠯᠴᠢ ᠲᠠᠰᠤᠯᠤᠨ ᠲᠣᠭᠲᠠᠭᠠᠯᠲᠠ ᠪᠠᠷ ᠬᠠᠤᠯᠢᠵᠢᠯ ᠤᠨ ᠳᠠᠪᠰᠢᠯᠲᠠ ᠪᠣᠯᠤᠨ ᠨᠡᠶᠢᠭᠡᠮ ᠤᠨ ᠬᠥᠭᠵᠢᠯᠲᠡ ᠶᠢ ᠬᠦᠳᠦᠯᠦᠨ ᠳᠠᠭᠠᠭᠤᠯᠵᠣ᠂ ᠲᠥᠪ ᠭᠤᠣᠯᠴᠢ ᠪᠠᠷ ᠬᠠᠤᠯᠢ ᠪᠠᠷᠢᠬᠤ ᠪᠠᠶᠢᠭᠤᠯᠤᠮᠵᠢ ᠲᠣᠭᠲᠠᠴᠠ ᠶᠢ  ᠪᠦᠷᠢᠨᠰᠢᠬᠦᠯᠦᠨ᠂ ᠬᠠᠤᠯᠢ ᠴᠠᠭᠠᠵᠠ ᠶᠢᠨ ᠵᠢᠮ᠎ᠡ ᠶᠣᠰᠣᠨ ᠳᠤ ᠨᠡᠶᠢᠴᠡᠭᠰᠡᠨ ᠰᠢᠭᠦᠨ ᠲᠠᠰᠤᠯᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂  ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ  ᠪᠣᠯᠭᠠᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠪᠣᠯᠤᠨ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ ᠬᠡᠰᠡᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂  ᠬᠠᠤᠯᠢ ᠴᠠᠭᠠᠵᠠ ᠶᠢᠨ ᠶᠠᠰᠤ ᠴᠢᠨᠠᠷ ᠦᠷ᠎ᠡ ᠪᠦᠲᠦᠮᠵᠢ ᠪᠠ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ  ᠳᠡᠭᠡᠭᠰᠢᠯᠬᠦᠯᠦᠨ ᠂ ᠰᠢᠭᠦᠨ ᠲᠠᠰᠤᠯᠬᠤ ᠠᠵᠢᠯ ᠤᠨ ᠤᠶᠤᠨᠴᠢᠯᠠᠬᠰᠠᠨ ᠲᠦᠪᠰᠢᠨ ᠢ ᠳᠡᠭᠡᠭᠰᠢᠯᠡᠬᠦᠯᠵᠦ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠨ᠂ ᠰᠢᠭᠦᠬᠦ ᠬᠤᠷᠢᠶᠠᠨ ᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠲᠠᠭᠤ ᠴᠢᠩᠭ᠎ᠠ ᠰᠢᠭᠦᠬᠦ ᠬᠤᠷᠢᠶᠠᠨ ᠤ ᠡᠩᠨᠡᠭᠡ ᠶᠢ  ᠪᠠᠶᠢᠭᠤᠯᠤᠨ᠎ᠠ ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ