ᠰᠢ ᠶᠢᠨ ᠫᠢᠩ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃

6388004802478704481420639.png

     4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠤᠤ ᠢᠦᠶ ᠲᠠᠢ ᠳᠠᠬᠢ ᠲᠥᠷᠥ ᠶᠢᠨ

ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃

    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠷᠤᠤ ᠠᠶ ᠮᠢᠨ ᠰᠡᠭᠦᠳᠡᠷᠯᠡᠪᠡ

     ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ

ᠳᠠᠪᠬᠤᠷ ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ

ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠳᠡᠯᠡᠬᠡᠢ ᠶᠢᠨ ᠪᠠᠶᠢᠳᠠᠯ ᠰᠠᠮᠠᠭᠤᠷᠠᠨ

ᠰᠣᠯᠪᠢᠴᠠᠬᠤ ᠲᠤᠰᠤᠮ᠂ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠲᠣᠭᠲᠠᠭᠤᠨ ᠢᠶᠠᠷ ᠬᠥᠭᠵᠢᠬᠦ ᠶᠢᠨ ᠴᠢᠬᠤᠯᠠ ᠴᠢᠨᠠᠷ ᠲᠡᠳᠦᠢ

ᠲᠣᠪᠤᠶᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ ᠪᠣᠯᠣᠨ ᠢᠰᠫᠠᠨᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ

ᠪᠠᠶᠢᠭᠤᠯᠤᠭᠰᠠᠨ 20 ᠵᠢᠯ ᠤᠨ ᠤᠢ ᠪᠣᠯᠣᠨ᠎ᠠ᠂ ᠳᠤᠮᠳᠠᠳᠤ ‍ᠤᠮᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ

ᠬᠦᠴᠦᠨ ᠲᠠᠢ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ

ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ

ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ

ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

    ᠰᠢ ᠶᠢᠨ ᠫᠢᠩ᠂ ᠠᠯᠢᠪᠠ ᠶᠢ ᠠᠵᠢᠭᠯᠠᠬᠤ ᠳᠤ ᠦᠷᠭᠡᠨ ᠬᠠᠷᠠᠭᠠᠰᠤ ᠠᠭᠤᠳᠠᠮ ᠪᠠᠭᠳᠠᠭᠠᠮᠵᠢ ᠬᠡᠷᠡᠭᠳᠡᠢ᠃ ᠳᠤᠮᠳᠠᠳᠤ ᠢᠰᠫᠠᠨᠢ ᠶᠢᠨ ᠨᠥᠬᠦᠷᠯᠡᠯ ᠪᠣᠯ

ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ᠂ ᠪᠣᠳᠠᠲᠤ ᠠᠬᠤᠢ ᠶᠢᠨ ᠬᠡᠷᠡᠭᠴᠡᠭᠡ᠂ ᠠᠯᠤᠰ ᠬᠡᠳᠦ ᠶᠢᠨ ᠠᠰᠢᠭ ᠲᠤᠰᠠ ᠳᠤ

ᠰᠠᠭᠤᠷᠢᠯᠠᠵᠤ ᠲᠤᠬᠳᠠᠭᠠᠬᠰᠠᠨ ᠵᠥᠪ ᠰᠣᠩᠭᠤᠯᠲᠠ ᠮᠥᠨ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ

ᠦᠷᠭᠦᠯᠵᠢᠯᠡᠨ ᠪᠠᠬᠢᠵᠢᠭᠦᠯᠵᠦ᠂ ᠬᠠᠷᠢᠯᠴᠠᠨ ᠢᠲᠡᠭᠡᠵᠦ᠂ ᠬᠠᠷᠢᠯᠴᠠᠨ ᠬᠦᠨᠳᠦᠳᠬᠡᠵᠦ᠂ ᠨᠦᠬᠦᠬᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ

ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ᠂ ᠢᠯᠠᠩᠭᠤᠶ᠎ᠠ ᠨᠦᠬᠦᠬᠡ ᠡᠲᠡᠭᠡᠳ ᠤᠨ ᠢᠶᠠᠨ ᠡᠷᠬᠡ

ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ

ᠬᠥᠮᠥᠨ ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ ᠪᠣᠯᠣᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠲᠠᠯᠳᠠ ᠬᠦᠴᠦᠨ ᠨᠢ

ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ

ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭᠠᠨ ᠤ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ᠂

ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠢᠨ᠎ᠡ ᠡᠨᠧᠷᠭᠢ᠂

ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠣᠶᠤᠨᠲᠤ ᠬᠤᠳᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠢ

ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ᠃ ᠬᠠᠷᠢᠯᠴᠠᠨ ᠣᠶᠢᠯᠠᠭᠠᠯᠴᠠᠵᠤ ᠬᠠᠷᠢᠯᠴᠠᠨ

ᠳᠣᠲᠣᠨᠣᠴᠢᠯᠠᠬᠤ ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ︽ᠣᠯᠢᠮᠫᠢᠺ ᠤᠨ ᠲᠠᠮᠢᠷ ᠤᠨ

ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ︾᠂ ︽ᠮᠠᠯᠤᠷ ᠦᠳᠡᠭᠡ ᠶᠢᠨ ᠬᠠᠶᠢᠷ᠎ᠠ ᠰᠡᠳᠬᠢᠯᠭᠡ︾  ᠶᠢ ᠰᠠᠶᠢᠲᠤᠷ ᠤᠯᠠᠮᠵᠢᠯᠠᠵᠤ᠂ ︽

ᠪᠠᠶᠠᠰᠬᠤᠯᠠᠩᠲᠤ ᠴᠠᠭᠠᠨ ᠰᠠᠷ᠎ᠠ︾ ᠵᠡᠷᠭᠡ ᠰᠢᠨ᠎ᠡ ︽ᠠᠯᠳᠠᠨ ᠱᠤᠰᠢᠭ᠎ᠠ︾ ᠶᠢ ᠡᠭᠦᠳᠴᠦ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ

ᠲᠣᠮᠢᠯᠠᠬᠤ ᠬᠡᠪᠴᠢᠶ᠎ᠡ ᠪᠠᠨ ᠥᠷᠭᠡᠳᠬᠡᠵᠦ᠂ ᠨᠡᠩ ᠤᠯᠠᠨ ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ᠃

ᠳᠤᠮᠳᠠᠳᠤ ᠢᠰᠫᠠᠨᠢ ᠪᠣᠯ ᠴᠥᠮ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ ᠢᠳᠡᠪᠬᠢ ᠬᠦᠴᠦᠨ ᠮᠥᠨ᠂ ᠬᠤᠶᠠᠷ

ᠲᠠᠯ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠤᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ

ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ ᠭᠡᠵᠤ ᠴᠢᠬᠤᠯᠠᠴᠢᠯᠠᠪᠠ᠃

    ᠰᠢ ᠶᠢᠨ ᠫᠢᠩ᠂ ᠳᠤᠮᠳᠠᠳᠤ ᠤᠯᠤᠰ ᠢᠮᠠᠭᠲᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢ ᠤᠯᠠᠨ ᠲᠦᠢᠯᠵᠢᠯᠲᠡ ᠶᠢᠨ ᠳᠡᠯᠡᠬᠡᠢ ᠶᠢᠨ

ᠴᠢᠬᠤᠯᠠ ᠨᠢᠭᠡ ᠲᠦᠢᠯ ᠢᠶᠠᠷ ᠦᠵᠡᠵᠦ᠂ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ

ᠲᠤᠳᠤᠷᠬᠠᠢ ᠪᠠᠷ ᠳᠡᠮᠵᠢᠬᠦ ᠭᠤᠣᠯ ᠪᠤᠯᠬᠤ ᠲᠤᠮᠤ ᠤᠯᠤᠰ ᠪᠤᠯᠤᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠧᠦ᠋ᠷᠣᠫᠠ ᠶᠢᠨ ᠡᠩᠬᠡ ᠲᠠᠶᠢᠪᠤᠩ᠂

ᠨᠡᠮᠡᠭᠳᠡᠯ᠂ ᠥᠭᠡᠷᠡᠴᠢᠯᠡᠯᠲᠡ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠨᠢ ᠴᠢᠬᠤᠯᠠ ᠠᠬᠤᠶᠢᠴᠢ ᠠᠴᠢ

ᠬᠤᠯᠪᠣᠭᠳᠠᠯ ᠲᠠᠢ ᠶᠤᠮ᠃ ᠳᠤᠮᠳᠠᠳᠤ ᠧᠦ᠋ᠷᠣᠫᠠ ᠬᠠᠨᠢᠲᠠᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ

ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠧᠦ᠋ᠷᠣᠫᠠ ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50

ᠵᠢᠯ ᠢ ᠪᠡᠯᠭᠡᠯᠡᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠬᠦ᠂ ᠪᠠᠶᠢᠯᠳᠤᠬᠤ

ᠪᠤᠳᠤᠯᠭ᠎ᠠ ᠶᠢᠨ ᠲᠣᠭᠲᠠᠭᠤᠨ ᠪᠣᠯᠤᠨ ᠬᠠᠷᠢᠯᠴᠠᠨ ᠠᠮᠵᠢᠯᠲᠠ ᠤᠯᠬᠤ ᠶᠢ ᠲᠠᠮᠵᠢᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠤᠮᠳᠠᠳᠤ

ᠧᠦ᠋ᠷᠣᠫᠠ ᠶᠢᠨ ᠠᠷᠠᠳ ᠲᠦᠮᠡᠨ ᠪᠣᠯᠤᠨ ᠳᠡᠯᠡᠬᠡᠢ ᠨᠡᠶᠢᠭᠡᠮ ᠳᠤ ᠨᠡᠩ ᠰᠠᠶᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ ᠢᠯᠠᠭᠴᠢ ᠪᠠᠶᠢᠳᠠᠭ ᠦᠭᠡᠢ᠂ ᠳᠡᠯᠡᠬᠡᠢ ᠳ᠋ᠠᠬᠢᠨ ᠲᠠᠢ ᠡᠰᠡᠷᠭᠦᠴᠡᠯᠳᠦᠪᠡᠯ

ᠥᠪᠡᠷ ᠢ ᠪᠠᠨ ᠭᠠᠭᠴᠠᠭᠠᠷᠳᠠᠭᠤᠯᠬᠤ ᠪᠣᠯᠤᠨ᠎ᠠ᠃ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ

ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ᠂ ᠶᠡᠷᠦ ᠠᠴᠠ ᠬᠡᠨ ᠨᠢᠬᠡᠨ ᠤ ᠬᠢᠨᠢ ᠦᠷᠦᠰᠢᠶᠡᠯ ᠰᠤᠶᠤᠷᠬᠠᠯ ᠳᠤ

ᠲᠦᠰᠢᠭᠯᠡᠭᠰᠡᠨ ᠪᠢᠰᠢ᠂ ᠨᠡᠩ ᠴᠤ ᠶᠠᠮᠠᠷᠪᠠ ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ᠃

    ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ

ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠨ᠎ᠡ᠃ ᠳᠤᠮᠳᠠᠳᠤ ᠤᠯᠤᠰ ᠪᠣᠯᠤᠨ ᠧᠦ᠋ᠷᠣᠫᠠ ᠲᠢᠪ ᠤᠨ

ᠤᠯᠤᠰ ᠤᠳ ᠤᠨ ᠬᠤᠯᠪᠣᠭ᠎ᠠ ᠪᠣᠯ ᠴᠥᠮ ᠳᠡᠯᠡᠬᠡᠢ ᠶᠢᠨ ᠭᠤᠣᠯ ᠪᠣᠯᠬᠤ ᠠᠵᠤ ᠠᠬᠤᠢ ᠶᠢᠨ ᠴᠣᠭᠴᠠ ᠮᠥᠨ᠂ ᠴᠥᠮ ᠠᠵᠤ ᠠᠬᠤᠢ ᠶᠢᠨ

ᠳᠡᠯᠡᠬᠡᠶᠢᠵᠢᠯᠲᠡ ᠪᠣᠯᠤᠨ ᠴᠢᠯᠥᠭᠡᠲᠦ ᠠᠷᠠᠯᠵᠢᠶᠠᠨ ᠤ ᠡᠷᠡᠰ ᠳᠡᠮᠵᠢᠭᠴᠢ ᠮᠥᠨ᠂ ᠬᠤᠶᠠᠷ ᠲᠠᠯ᠎ᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ

ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠭᠤᠷᠪᠠᠨ ᠤ ᠨᠢᠭᠡ ᠶᠢ ᠳᠠᠪᠠᠵᠤ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ

ᠪᠦᠷᠢᠯᠳᠦᠭᠦᠯᠪᠡ᠃ ᠳᠤᠮᠳᠠᠳᠤ ᠧᠦ᠋ᠷᠣᠫᠠ ᠤᠯᠠᠨ ᠤᠯᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ

ᠤᠷᠤᠰᠬᠠᠯ ᠪᠣᠯᠤᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ ᠬᠠᠮᠲᠤ ᠪᠠᠷ ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ

ᠬᠠᠮᠲᠤ ᠪᠠᠷ ᠡᠰᠡᠷᠭᠦᠴᠡᠵᠦ᠂ ᠥᠪᠡᠷ ᠤᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ

ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠠᠨ ᠤᠯᠤᠰ ᠤᠨ ᠲᠦᠷᠢᠮ ᠪᠣᠯᠤᠨ ᠡᠮᠬᠢ ᠳᠢᠭᠯᠢᠮ ᠢ ᠬᠠᠮᠠᠭᠠᠯᠠᠪᠠᠯ ᠵᠤᠬᠢᠨ᠎ᠠ ᠭᠡᠵᠦ ᠴᠢᠬᠤᠯᠠᠴᠢᠯᠠᠪᠠ᠃

     ᠰᠠᠩᠴᠢᠶᠧᠰ᠂ ᠢᠰᠫᠠᠨᠢ ᠪᠣᠯᠤᠨ ᠳᠤᠮᠳᠠᠳᠤ ᠤᠯᠤᠰ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ

20 ᠵᠢᠯ ᠤᠨ ᠲᠤᠷᠰᠢ᠂ ᠢᠮᠠᠭᠲᠠ ᠬᠠᠷᠢᠯᠴᠠᠨ ᠬᠦᠨᠳᠦᠳᠭᠡᠵᠦ᠂ ᠨᠥᠬᠦᠷᠰᠡᠭ ᠢᠶᠠᠷ ᠬᠠᠮᠲᠤᠷᠠᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ

ᠦᠭᠡᠢ ᠭᠦᠨᠵᠡᠭᠡᠶᠢᠷᠡᠨ ᠬᠥᠭᠵᠢᠪᠡ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ

ᠭᠠᠷᠮᠠᠭᠠᠢ ᠠᠮᠵᠢᠯᠲᠠ ᠣᠯᠵᠤ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠢᠰᠫᠠᠨᠢ ᠳᠤᠮᠳᠠᠳᠤ

ᠤᠯᠤᠰ ᠯᠤᠭ᠎ᠠ ᠶᠢᠨ ᠬᠠᠷᠢᠯᠴᠠᠭ᠎ᠠ ᠶᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠭᠤᠶᠢᠪᠢᠰᠢ ᠦᠭᠡᠢ

ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠡᠨᠧᠷᠭᠢ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ

ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂

ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠧᠦ᠋ᠷᠣᠫᠠ ᠲᠢᠪ ᠤᠨ

ᠤᠯᠤᠰ ᠤᠳ ᠤᠨ ᠬᠤᠯᠪᠣᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠢᠰᠫᠠᠨᠢ ᠢᠮᠠᠭᠲᠠ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ

ᠲᠣᠭᠲᠠᠭᠤᠨ ᠬᠥᠭᠵᠢᠯᠲᠡ ᠶᠢ ᠳᠡᠮᠵᠢᠨ᠎ᠠ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠢᠨ ᠨᠡᠭᠡᠭᠡᠯᠲᠡᠲᠦ ᠴᠢᠯᠥᠭᠡᠲᠦ ᠠᠷᠠᠯᠵᠢᠶ᠎ᠠ ᠶᠢ

ᠪᠠᠷᠢᠮᠲᠠᠯᠠᠵᠤ᠂ ᠤᠯᠠᠨ ᠲᠠᠯᠠᠲᠤ ᠦᠵᠡᠯ ᠢ ᠬᠠᠮᠠᠭᠠᠯᠠᠬᠤ ᠪᠠᠷ ᠴᠢᠷᠮᠠᠶᠢᠵᠤ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠶᠢ

ᠡᠰᠡᠷᠭᠦᠴᠡᠨ᠎ᠡ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠶᠢᠨ ᠪᠠᠶᠢᠳᠠᠯ ᠤᠨ

ᠡᠮᠦᠨ᠎ᠡ᠂ ᠢᠰᠫᠠᠨᠢ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠯᠴᠠᠭ᠎ᠠ ᠬᠠᠮᠵᠢᠯᠴᠠᠭ᠎ᠠ ᠪᠠᠨ

ᠴᠢᠩᠭᠠᠳᠬᠠᠵᠤ᠂ ᠤᠯᠠᠨ ᠤᠯᠤᠰ ᠤᠨ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤ ᠬᠦᠴᠢᠷᠳᠡᠯ

ᠵᠡᠷᠭᠡ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠭᠡᠪᠡ᠃

    ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃

ᠸᠠᠩ ᠢ ᠠᠭᠤᠯᠵᠠᠯᠲᠠ ᠳᠤ ᠣᠷᠣᠯᠴᠠᠵᠠᠢ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ