ᠰᠢ ᠶᠢᠨ ᠫᠢᠩ ᠯᠠᠲ᠋ᠢᠨ ᠠᠮᠧᠷᠢᠺᠠ ᠪᠣᠯᠤᠨ ᠺᠠᠷᠢᠪᠤ ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ  ᠶᠢᠰᠦᠳᠦᠭᠡᠷ ᠬᠤᠭᠤᠴᠠᠭᠠᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/4/14
    4 ᠰᠠᠷ᠎ᠠ ᠶᠢᠨ 9 ᠤ ᠡᠳᠦᠷ᠂ ᠯᠠᠲ᠋ᠢᠨ ᠠᠮᠧᠷᠢᠺᠠ ᠪᠠ ᠺᠠᠷᠢᠪᠤ ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠢᠰᠦᠳᠦᠭᠡᠷ ᠬᠤᠭᠤᠴᠠᠭᠠᠨ ᠤ ᠲᠦᠷᠦᠭᠦᠴᠦᠳ ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ ᠬᠤᠨᠳᠦ᠋ᠷᠠᠰ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃    ᠰᠢ ᠶᠢᠨ ᠫᠢᠩ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ᠂ ᠳᠤᠮᠳᠠᠳᠤ ᠤᠯᠤᠰ ᠵᠢᠴᠢ ᠯᠠᠲ᠋ᠢᠨ ᠠᠮᠧᠷᠢᠺᠠ ᠲᠢᠪ ᠪᠣᠯᠤᠨ ᠺᠠᠷᠢᠪᠤ ᠲᠠᠩᠭᠢᠰ ᠤᠨ ᠤᠯᠤᠰ ᠤᠳ ᠢ ᠪᠠᠭᠲᠠᠭᠠᠭᠰᠠᠨ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ︾ ᠰᠦᠷ ᠬᠦᠴᠦᠨ ᠲᠤᠪᠤᠶᠢᠮ᠎ᠠ ᠪᠠᠶᠢᠨ᠎ᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠣᠷᠣᠨ ᠪᠦᠰᠡ ᠶᠢᠨ ᠨᠢᠭᠡ ᠴᠤᠭᠴᠠᠵᠢᠯᠳᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠃ ᠯᠠᠲ᠋ᠢᠨ ᠠᠮᠧᠷᠢᠺᠠ ᠪᠣᠯᠤᠨ ᠺᠠᠷᠢᠪᠤ ᠲᠠᠩᠭᠢᠰ ᠤᠨ ᠤᠯᠤᠰ ᠤᠳ ᠪᠣᠯᠤᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠣᠯᠵᠤ᠂ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠪᠦᠯᠬᠦᠮᠳᠡᠯ ᠬᠠᠮᠵᠢᠯᠴᠠᠭ᠎ᠠ ᠶᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠴᠢᠩ ᠰᠡᠳᠭᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ᠂ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ ᠰᠢᠨ᠎ᠡ ᠶᠢ ᠡᠭᠦᠳᠬᠦ᠂ ᠨᠡᠭᠡᠭᠡᠯᠲᠡᠳᠡᠢ᠂ ᠠᠷᠠᠳ ᠲᠤ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠪᠠ᠃ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠥᠷᠭᠡᠵᠢᠵᠦ᠂ ᠰᠣᠶᠣᠯ ᠢᠷᠭᠡᠨᠰᠢᠯ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠤᠶᠠᠷ ᠲᠠᠯ᠎ᠠ ᠶᠢᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠡᠨᠡ ᠵᠢᠯ᠂ ᠳᠤᠮᠳᠠᠳᠤ ᠤᠯᠤᠰ ᠪᠡᠭᠡᠵᠢᠩ ᠳᠤ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠡᠯ᠎ᠡ ᠪᠦᠷᠢᠯᠳᠦᠬᠦᠨ ᠤᠯᠤᠰ ᠤᠨ ᠳᠤᠮᠳᠠᠳᠤ ᠤᠯᠤᠰ ᠲᠤ ᠢᠷᠡᠵᠦ ᠬᠤᠷᠠᠯ ᠳᠤ ᠣᠷᠣᠯᠴᠠᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠵᠦ᠂ ᠬᠠᠮᠲᠤᠷᠠᠯᠴᠠᠭᠠᠨ ᠤ ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠪᠡᠶᠡᠯᠡᠭᠦᠯᠵᠦ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠬᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠩᠭᠠᠳᠬᠠᠪᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 10 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ