ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ | ᠯᠢ ᠴᠢᠶᠠᠩ ᠬᠤᠷᠠᠯ ᠢ ᠡᠷᠭᠢᠯᠡᠵᠦ ᠵᠣᠣ ᠯᠤ᠋ ᠵᠢᠶ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠠᠢ | ■ ᠮᠠᠨ ᠤ ᠤᠯᠤᠰ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠦᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ | ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠬᠦ ᠲᠠᠯ᠎ᠠ ᠶᠢ | ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ | ᠵᠠᠩᠭᠢᠯᠠᠭ᠎ᠠ ᠪᠣᠯᠤᠨ᠎ᠠ᠃ ᠪᠦᠬᠦ ᠪᠥᠮᠪᠥᠷᠴᠡᠭ ᠤᠨ ᠬᠠᠷᠠᠭᠠᠰᠤ ᠠᠴᠠ ᠬᠦᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠦᠷᠰᠢ ᠵᠡᠷᠭᠡᠯᠡᠳᠡᠭᠡ ᠶᠢᠨ ᠠᠵᠢᠯ ᠢ | ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠬᠤ ᠬᠡᠷᠡᠭᠲᠡᠢ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠳᠣᠲᠣᠨᠣ ᠦᠨᠡᠨᠴᠢ ᠠᠰᠢᠭᠲᠠᠶ ᠪᠠᠭᠲᠠᠭᠠᠮᠵᠢᠲᠠᠶ ᠬᠦᠷᠰᠢ ᠵᠡᠷᠭᠡᠯᠡᠳᠡᠭᠡ ᠶᠢᠨ | ᠣᠶᠢᠯᠠᠭᠠᠭᠳᠠᠬᠤᠨ ᠢ ᠳᠤᠷᠠᠳᠴᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ | ᠰᠠᠨᠠᠭᠠᠴᠢᠯᠠᠵᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠪᠥᠬᠦ | ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ | ᠬᠠᠮᠲᠤ ᠪᠠᠷ ᠬᠠᠮᠠᠭᠠᠯᠠᠵᠤ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠦᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ | ᠬᠦᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃ | ᠦᠢᠯᠡᠳᠦᠯᠭᠡ ᠳᠤᠮᠳᠠ ᠰᠦᠪᠡᠭᠴᠢᠯᠡᠨ ᠪᠤᠢ ᠪᠣᠯᠭᠠᠭᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ | ■ ᠣᠳᠣᠬᠠᠨ ᠳᠤ ᠮᠠᠨ ᠤ ᠤᠯᠤᠰ ᠪᠣᠯᠤᠨ ᠬᠦᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠤᠢᠢᠷ᠎ᠠ ᠦᠶ᠎ᠡ ᠠᠴᠠ ᠨᠠᠭᠠᠰᠢᠬᠢ ᠬᠠᠮᠤᠭ ᠤᠨ | ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠦᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠤᠨ ᠳᠡᠯᠡᠬᠡᠢ ᠶᠢᠨ ᠬᠤᠪᠢᠰᠤᠯᠲᠠ ᠭᠦᠨᠵᠡᠭᠡᠢ | ᠬᠤᠯᠪᠣᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠪᠣᠯᠤᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ | ᠲᠥᠯᠥᠪᠵᠢᠭᠦᠯᠦᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ | ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠭᠦᠯᠡᠩᠲᠦ ᠰᠠᠶᠢᠬᠠᠨ᠂ ᠨᠥᠬᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ | ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠤᠭᠳᠠᠭᠤᠨ ᠬᠦᠷᠰᠢ᠂ ᠬᠦᠷᠰᠢ ᠵᠡᠷᠭᠡᠯᠡᠳᠡᠭᠡ ᠪᠠᠨ | ᠪᠠᠶᠠᠵᠢᠭᠤᠯᠬᠤ᠂ ᠲᠤᠳᠤᠨᠤ ᠦᠨᠡᠨᠴᠢ ᠠᠰᠢᠭᠳᠠᠢ ᠪᠠᠭᠲᠠᠭᠠᠮᠵᠢᠲᠠᠶ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ | ᠡᠩᠬᠡ ᠲᠠᠶᠢᠪᠤᠩ᠂ ᠬᠠᠮᠳᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ | ᠪᠣᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠳᠠᠢ ᠪᠥᠲᠥᠭᠡᠨ ᠪᠠᠶᠢᠭᠤᠯᠬᠤ ᠪᠠᠷ ᠭᠤᠤᠯ ᠲᠠᠪᠴᠠᠩ ᠪᠣᠯᠭᠠᠵᠤ᠂ ᠠᠮᠤᠷ | ᠲᠦᠪᠰᠢᠨ ᠢ ᠬᠠᠮᠳᠦ ᠪᠠᠷ ᠡᠳ᠋ᠯᠡᠵᠤ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ | ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠵᠤ᠂ | ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ᠃ | ■ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ | ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ ᠵᠥᠷᠢᠯᠳᠦᠭᠡᠨ ᠢᠶᠠᠨ ᠲᠣᠬᠢᠲᠠᠶ ᠬᠠᠮᠢᠶᠠᠷᠤᠨ ᠡᠵᠡᠮᠳᠡᠬᠦ ᠬᠡᠷᠡᠭᠲᠡᠶ︔ ᠬᠥᠭᠵᠢᠯᠲᠡ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ | ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ | ᠬᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠭᠡᠵᠦ᠂ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠬᠦ ᠬᠡᠷᠡᠭᠳᠠᠢ᠃ | ■ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠬᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠠᠢ᠃ | ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ | ᠡᠭᠦᠳᠬᠦ ᠶᠢ ᠠᠬᠢᠭᠤᠯᠬᠤ ᠬᠡᠷᠡᠭᠳᠠᠢ᠃ | 4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠬᠦᠳᠡᠷᠯᠡᠪᠡ | ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠤ᠋ ᠵᠢᠢ᠂ ᠸᠠᠩ ᠬᠤ᠋ ᠨᠢᠩ᠂ ᠼᠠᠢ | ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ᠃ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠦᠷᠰᠢ ᠵᠡᠷᠭᠡᠯᠡᠳᠡᠭᠡ ᠶᠢᠨ ᠠᠵᠢᠯ ᠤᠨ | ᠠᠮᠵᠢᠯᠲᠠ ᠪᠦᠲᠦᠮᠵᠢ ᠪᠣᠯᠤᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ | ᠬᠡᠰᠡᠭ ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠡᠳᠭᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠦᠷᠰᠢ | ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠰᠢ ᠵᠡᠷᠭᠡᠯᠡᠳᠡᠭᠡ ᠶᠢᠨ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠦᠷᠰᠢ ᠵᠡᠷᠭᠡᠯᠡᠳᠡᠭᠡ ᠪᠣᠯ ᠬᠥᠭᠵᠢᠯ | ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠬᠦ | ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠵᠠᠩᠭᠢᠯᠠᠭ᠎ᠠ ᠪᠣᠯᠤᠨ᠎ᠠ᠃ ᠪᠦᠬᠦ ᠪᠥᠮᠪᠥᠷᠴᠡᠭ ᠤᠨ ᠬᠠᠷᠠᠭᠠᠰᠤ ᠠᠴᠠ ᠬᠦᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠦᠷᠰᠢ | ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠳᠣᠲᠣᠨᠣ ᠦᠨᠡᠨᠴᠢ ᠠᠰᠢᠭᠲᠠᠶ ᠪᠠᠭᠲᠠᠭᠠᠮᠵᠢᠲᠠᠶ ᠬᠦᠷᠰᠢ ᠵᠡᠷᠭᠡᠯᠡᠳᠡᠭᠡ ᠶᠢᠨ | ᠣᠶᠢᠯᠠᠭᠠᠭᠳᠠᠬᠤᠨ ᠢ ᠳᠤᠷᠠᠳᠴᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ | ᠰᠠᠨᠠᠭᠠᠴᠢᠯᠠᠵᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠪᠥᠬᠦ | ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ | ᠬᠠᠮᠲᠤ ᠪᠠᠷ ᠬᠠᠮᠠᠭᠠᠯᠠᠵᠤ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠦᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ | ᠬᠦᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃ | ᠦᠢᠯᠡᠳᠦᠯᠭᠡ ᠳᠤᠮᠳᠠ ᠰᠦᠪᠡᠭᠴᠢᠯᠡᠨ ᠪᠤᠢ ᠪᠣᠯᠭᠠᠭᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠤ ᠦᠵᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠤᠨ ᠬᠦᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠤᠢᠢᠷ᠎ᠠ ᠦᠶ᠎ᠡ ᠠᠴᠠ ᠨᠠᠭᠠᠰᠢᠬᠢ | ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠦᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠤᠨ ᠳᠡᠯᠡᠬᠡᠢ ᠶᠢᠨ ᠬᠤᠪᠢᠰᠤᠯᠲᠠ | ᠭᠦᠨᠵᠡᠭᠡᠢ ᠬᠤᠯᠪᠣᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠪᠣᠯᠤᠨ ᠤᠯᠤᠰ ᠤᠨ ᠭᠤᠣᠯ | ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ | ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠭᠦᠯᠡᠩᠲᠦ ᠰᠠᠶᠢᠬᠠᠨ᠂ ᠨᠥᠬᠦᠷᠰᠡᠭ ︽ᠲᠠᠪᠤᠨ ᠶᠡᠭᠡ ᠭᠡᠷ | ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠤᠭᠳᠠᠭᠤᠨ ᠬᠦᠷᠰᠢ᠂ ᠬᠦᠷᠰᠢ | ᠵᠡᠷᠭᠡᠯᠡᠳᠡᠭᠡ ᠪᠠᠨ ᠪᠠᠶᠠᠵᠢᠭᠤᠯᠬᠤ᠂ ᠲᠤᠳᠤᠨᠤ ᠦᠨᠡᠨᠴᠢ ᠠᠰᠢᠭᠳᠠᠢ ᠪᠠᠭᠲᠠᠭᠠᠮᠵᠢᠲᠠᠶ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ | ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠳᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ | ᠦᠨᠳᠦᠰᠦᠨ ᠵᠢᠷᠤᠮᠯᠠᠯ ᠪᠣᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠳᠠᠢ ᠪᠥᠲᠥᠭᠡᠨ ᠪᠠᠶᠢᠭᠤᠯᠬᠤ ᠪᠠᠷ ᠭᠤᠤᠯ ᠲᠠᠪᠴᠠᠩ | ᠪᠣᠯᠭᠠᠵᠤ᠂ ᠠᠮᠤᠷ ᠲᠦᠪᠰᠢᠨ ᠢ ᠬᠠᠮᠳᠦ ᠪᠠᠷ ᠡᠳ᠋ᠯᠡᠵᠤ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ | ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠤᠳᠤᠯᠭ᠎ᠠ ᠶᠢᠨ | ᠲᠤᠯᠭᠠᠭᠤᠷᠢᠯᠠᠯ ᠪᠣᠯᠭᠠᠵᠤ᠂ ᠬᠦᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠷᠰᠢ ᠵᠡᠷᠭᠡᠯᠡᠳᠡᠭᠡ | ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ | ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ ᠵᠥᠷᠢᠯᠳᠦᠭᠡᠨ ᠢᠶᠠᠨ ᠲᠣᠬᠢᠲᠠᠶ ᠬᠠᠮᠢᠶᠠᠷᠤᠨ ᠡᠵᠡᠮᠳᠡᠬᠦ ᠬᠡᠷᠡᠭᠲᠡᠶ︔ | ᠬᠥᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ | ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ | ᠥᠷᠢᠰᠥᠯᠳᠦᠭᠡᠨ ᠢ ᠠᠷᠭᠠᠴᠠᠭᠠᠬᠤ ᠬᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠭᠡᠵᠦ᠂ ᠬᠥᠮᠦᠰ ᠤᠨ ᠶᠠᠪᠤᠯᠴᠠᠭ᠎ᠠ ᠳᠤ ᠲᠦᠬᠦᠮ ᠦᠵᠡᠭᠦᠯᠬᠦ | ᠬᠡᠷᠡᠭᠳᠠᠢ ᠭᠡᠵᠦ ᠴᠢᠩᠭᠠᠳᠬᠠᠪᠠ᠃ | ᠬᠤᠷᠠᠯ ᠠᠴᠠ᠂ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠬᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠳᠠᠢ᠃ ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ︶ | |