22 ᠴᠠᠭ ᠪᠠ 23 ᠴᠠᠭ ᠲᠤ ᠤᠨᠲᠠᠬᠤ  ᠨᠢ ᠴᠤᠬᠤᠮ ᠬᠡᠳᠦᠶ ᠶᠡᠭᠡ ᠵᠥᠷᠢᠶ᠎ᠡ ᠲᠠᠢ ᠪᠠᠶᠢᠳᠠᠭ ᠪᠣᠶ︖
ᠨᠡᠶᠢᠲᠡᠯᠡᠭᠰᠡᠨ ᠴᠠᠭ᠄
2025/4/14
     ᠣᠷᠣᠢ ᠶᠢᠨ 10 ᠴᠠᠭ ᠲᠤ ᠤᠨᠲᠠᠬᠤ ᠶᠤᠮ ᠤᠤ ᠡᠰᠡᠬᠦᠯ᠎ᠡ ᠣᠷᠣᠢ ᠶᠢᠨ 11 ᠴᠠᠭ ᠲᠤ ᠤᠨᠲᠠᠬᠤ ᠶᠣᠮ ᠤᠤ᠂ ᠦᠵᠡᠬᠦ ᠳᠤ ᠵᠥᠪᠬᠡᠨ ᠨᠢᠭᠡ ᠴᠠᠭ ᠤᠨ ᠵᠥᠷᠢᠶ᠎ᠡ ᠲᠠᠢ᠂ ᠭᠡᠪᠡᠴᠦ ᠡᠮᠴᠢ ᠶᠢᠨ ᠦᠵᠡᠬᠦ ᠪᠠᠷ᠂ ᠡᠷᠡᠭᠦᠯ ᠴᠢᠭᠢᠷᠠᠭ ᠲᠤ ᠦᠵᠡᠭᠦᠯᠬᠦ ᠨᠥᠯᠥᠭᠡ ᠨᠢ ᠨᠡᠯᠢᠶᠡᠳ  ᠶᠡᠭᠡ ᠪᠠᠶᠢᠳᠠᠭ᠃    22 ᠴᠠᠭ ᠲᠤ ᠣᠨᠲᠠᠪᠠᠯ᠂ ᠬᠤᠶᠠᠳᠤᠭᠠᠷ ᠡᠳᠦᠷ ᠤᠨ ᠴᠤᠭ ᠵᠢᠪᠬᠤᠭ᠎ᠠ ᠨᠢ ᠨᠡᠩ ᠰᠠᠶᠢᠨ    ᠨᠢᠭᠡ ᠴᠠᠭ ᠤᠨ ᠡᠮᠦᠨ᠎ᠡ ᠤᠨᠲᠠᠭᠰᠠᠨ ᠴᠤ ᠳᠠᠷᠠᠭ᠎ᠠ ᠡᠳᠦᠷ ᠤᠨ ᠬᠢᠨᠢ ᠲᠠᠮᠢᠷ ᠲᠡᠩᠬᠡᠭᠡ ᠪᠠ ᠤᠷᠮ᠎ᠠ ᠰᠡᠳᠬᠢᠯᠭᠡ ᠶᠢᠨ ᠪᠠᠶᠢᠳᠠᠯ ᠨᠢ ᠠᠳᠠᠯᠢ ᠦᠭᠡᠢ ᠭᠡᠳᠡᠭ ᠢ ᠣᠯᠠᠩᠬᠢ ᠬᠥᠮᠦᠰ ᠣᠶᠢᠯᠠᠭᠠᠵᠤ ᠮᠡᠳᠡᠬᠦ ᠪᠠᠶᠢᠬ᠎ᠠ᠃    2020 ᠣᠨ ᠤ ︽ᠨᠦᠢᠷ︾ ᠰᠡᠳᠬᠦᠯ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠡᠷᠪᠡ ᠰᠥᠨᠢ ᠶᠢᠨ ᠤᠨᠲᠠᠬᠤ  ᠴᠠᠭ  ᠨᠢ ᠡᠩ ᠤᠨ ᠴᠠᠭ ᠠᠴᠠ ᠪᠠᠨ ᠪᠠᠭ᠎ᠠ ᠪᠣᠯᠪᠠᠯ ᠳᠠᠷᠠᠭ᠎ᠠ ᠡᠳᠦᠷ ᠨᠢ ᠤᠷᠮ᠎ᠠ ᠮᠠᠭᠤᠳᠠᠨ᠂ ᠨᠠᠩ ᠠᠮᠠᠷᠬᠠᠨ ᠠᠭᠤᠷᠯᠠᠳᠠᠭ᠃    22 ᠴᠠᠭ ᠲᠤ ᠤᠨᠲᠠᠪᠠᠯ ᠵᠢᠷᠦᠬᠡᠨ ᠪᠤᠯᠴᠢᠩ ᠤᠨ ᠲᠦᠭᠵᠢᠷᠡᠯ ᠤᠨ ᠲᠦᠭᠰᠢᠭᠦᠷᠢ ᠬᠠᠮᠤᠭ ᠤᠨ ᠪᠠᠭ᠎ᠠ    ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠨᠢᠭᠡ ᠬᠤᠪᠢ ᠰᠤᠳᠤᠯᠭᠠᠨ ᠤ ᠢᠯᠡᠷᠡᠭᠦᠯᠦᠭᠰᠡᠨ ᠢᠶᠠᠷ᠂ ᠣᠷᠣᠶ ᠶᠢᠨ 10 ᠴᠠᠭ ᠠᠴᠠ 11 ᠴᠠᠭ ᠲᠤ  ᠣᠨᠲᠠᠲᠠᠭ ᠬᠥᠮᠦᠨ ᠤ ᠵᠢᠷᠦᠬᠡᠨ ᠪᠤᠯᠴᠢᠩ ᠤᠨ ᠲᠦᠭᠵᠢᠷᠡᠯ ᠤᠨ ᠡᠪᠡᠳᠴᠢᠯᠡᠬᠦ ᠨᠣᠷᠮ᠎ᠠ ᠨᠢ ᠬᠠᠮᠤᠭ ᠤᠨ ᠳᠣᠤᠷ᠎ᠠ ᠪᠠᠶᠢᠳᠠᠭ ᠃    ᠨᠠᠰᠤᠨ ᠳᠤ ᠬᠦᠷᠦᠭᠰᠡᠳ ᠤᠨ ᠲᠠᠨᠢᠯᠴᠠᠭᠤᠯᠤᠭᠰᠠᠨ ᠤᠨᠲᠠᠬᠤ ᠴᠠᠭ ᠨᠢ 7~8 ᠴᠠᠭ᠂ 6 ᠴᠠᠭ ᠪᠣᠯ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠣᠯᠤᠨ᠎ᠠ᠃ ᠤᠨᠲᠠᠬᠤ ᠪᠠ ᠪᠣᠰᠬᠤ ᠴᠠᠭ ᠢ ᠴᠢᠳᠠᠬᠤ ᠶᠢᠨ ᠬᠢᠷᠢ ᠪᠠᠷ ᠵᠢᠮ᠎ᠡ ᠶᠣᠰᠣ ᠲᠠᠢ ᠪᠠᠶᠢᠯᠭᠠᠵᠤ᠂ ᠭᠠᠷᠠᠭ ᠤᠨ ᠰᠡᠭᠦᠯᠴᠢ ᠳᠤ ᠴᠦ ᠭᠡᠰᠡᠨ ᠳᠡᠩᠳᠡᠭᠦᠦ ᠣᠷᠣᠢ ᠪᠣᠰᠴᠤ ᠪᠣᠯᠬᠤ ᠦᠭᠡᠢ᠃          ᠢᠷᠡᠯᠲᠡ᠄ ᠲᠥᠪ ᠲᠧᠯᠸᠢᠰ ᠤᠨ ᠰᠣᠨᠢᠨ  ᠮᠡᠳᠡᠭᠡ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ