ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2025/4/15
    ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 14 ᠤ ᠦᠳᠡ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠬᠠᠨᠤᠢ ᠳᠤ ᠬᠦᠷᠴᠦ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠲᠡᠷᠢᠭᠦᠯᠡᠭᠴᠢ ᠯᠢᠶᠠᠩ ᠴᠢᠶᠠᠩ ᠤᠨ ᠤᠷᠢᠯᠭ᠎ᠠ ᠪᠠᠷ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃    ᠰᠢ ᠶᠢᠨ ᠫᠢᠩ ᠲᠤᠰᠬᠠᠢ ᠨᠢᠰᠬᠡᠯ ᠢᠶᠠᠷ ᠬᠠᠨᠤᠢ ᠶᠢᠨ ᠨᠧᠢ ᠫᠠᠢ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠴᠧᠨ ᠶᠢᠨ ᠰᠢᠸ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ  ᠶᠢᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠯᠢ ᠬᠤᠸᠠᠢ ᠵᠦᠩ ᠵᠡᠷᠭᠡ ᠸᠢᠶᠧᠲᠨᠠᠮ ᠤᠨ ᠨᠠᠮ ᠵᠠᠰᠠᠭ ᠤᠨ ᠤᠳᠤᠷᠢᠳᠬᠤ ᠬᠥᠮᠥᠰ ᠪᠣᠯᠣᠨ ᠣᠷᠣᠨ ᠨᠤᠲᠤᠭ ᠤᠨ ᠲᠥᠯᠥᠭᠡᠯᠡᠭᠴᠢ ᠬᠠᠯᠠᠭᠤᠨ ᠢᠶᠠᠷ ᠤᠭᠲᠤᠨ ᠠᠪᠤᠪᠠ᠃ ᠸᠢᠶᠧᠲᠨᠠᠮ ᠤᠨ ᠵᠠᠯᠠᠭᠤ ᠡᠮᠡᠭᠲᠡᠢ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠵᠢᠭᠰᠠᠵᠤ᠂ ᠫᠤᠤ ᠠᠳᠬᠤᠨ ᠬᠦᠨᠳᠦᠳᠬᠡᠯ ᠳᠡᠪᠰᠢᠭᠦᠯᠪᠡ᠃ ᠲᠤᠬᠠᠢ ᠶᠢᠨ ᠭᠠᠵᠠᠷ ᠤᠨ ᠵᠠᠯᠠᠭᠤᠴᠤᠳ ᠦᠨᠳᠦᠰᠦᠲᠡᠨ ᠤ ᠬᠤᠪᠴᠠᠰᠤ ᠡᠮᠦᠰᠦᠨ ᠬᠡᠩᠭᠡᠷᠭᠡ ᠳᠡᠯᠡᠳᠴᠦ᠂ ᠳᠠᠭᠤᠯᠠᠨ ᠪᠥᠵᠢᠭᠯᠡᠵᠦ᠂ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠤᠶᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ᠃

6388030752814727501651333.png

      ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 14 ᠤ ᠦᠳᠡ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ

ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠬᠠᠨᠤᠢ ᠳᠤ ᠬᠦᠷᠴᠦ᠂ ᠸᠢᠶᠧᠲᠨᠠᠮ ᠤᠨ ᠡᠪ ᠬᠠᠮᠲᠤ ᠨᠠᠮ ᠤᠨ

ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠲᠡᠷᠢᠭᠦᠯᠡᠭᠴᠢ ᠯᠢᠶᠠᠩ

ᠴᠢᠶᠠᠩ ᠤᠨ ᠤᠷᠢᠯᠭ᠎ᠠ ᠪᠠᠷ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠰᠢ ᠶᠢᠨ ᠫᠢᠩ ᠲᠤᠰᠬᠠᠢ ᠨᠢᠰᠬᠡᠯ ᠢᠶᠠᠷ ᠬᠠᠨᠤᠢ ᠶᠢᠨ

ᠨᠧᠢ ᠫᠠᠢ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ᠂

ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ

ᠪᠠᠶᠢᠩᠭᠤ ᠶᠢᠨ ᠱᠦᠵᠢ ᠴᠧᠨ ᠶᠢᠨ ᠰᠢᠸ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ

ᠠᠯᠪᠠᠨ ᠲᠢᠩᠬᠢᠮ ᠤᠨ ᠡᠷᠭᠢᠯᠡᠭᠴᠢ ᠯᠢ ᠬᠤᠸᠠᠢ ᠵᠦᠩ ᠵᠡᠷᠭᠡ ᠸᠢᠶᠧᠲᠨᠠᠮ ᠤᠨ ᠨᠠᠮ ᠵᠠᠰᠠᠭ ᠤᠨ ᠤᠳᠤᠷᠢᠳᠬᠤ ᠬᠥᠮᠥᠰ ᠪᠣᠯᠣᠨ ᠣᠷᠣᠨ ᠨᠤᠲᠤᠭ ᠤᠨ

ᠲᠥᠯᠥᠭᠡᠯᠡᠭᠴᠢ ᠬᠠᠯᠠᠭᠤᠨ ᠢᠶᠠᠷ ᠤᠭᠲᠤᠨ ᠠᠪᠤᠪᠠ᠃

    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ

ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ

ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠬ᠎ᠠ ᠳᠡᠭᠦᠦ ᠸᠢᠶᠧᠲᠨᠠᠮ ᠤᠨ ᠡᠪ ᠬᠠᠮᠲᠤ ᠨᠠᠮ᠂ ᠸᠢᠶᠧᠲᠨᠠᠮ ᠤᠨ ᠵᠠᠰᠠᠭ ᠤᠨ

ᠣᠷᠳᠣᠨ ᠪᠣᠯᠣᠨ ᠸᠢᠶᠧᠲᠨᠠᠮ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃

      ᠰᠢ  ᠶᠢᠨ ᠫᠢᠩ᠂  ᠡᠨᠡ ᠵᠢᠯ ᠪᠣᠯ ᠸᠢᠶᠧᠲᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠣᠶ᠂ ᠸᠢᠶᠧᠲᠨᠠᠮ ᠤᠨ ᠤᠯᠤᠰ

ᠪᠠᠶᠢᠭᠤᠯᠤᠭᠳᠠᠭᠰᠠᠨ 80 ᠵᠢᠯ ᠤᠨ ᠣᠶ ᠪᠠ ᠡᠮᠦᠨᠡᠲᠦ ᠸᠢᠶᠧᠲᠨᠠᠮ ᠴᠢᠯᠦᠭᠡᠯᠡᠭᠳᠡᠭᠰᠡᠨ 50 ᠵᠢᠯ ᠤᠨ ᠣᠶ ᠪᠣᠯᠣᠨ᠎ᠠ᠃ ᠸᠢᠶᠧᠲᠨᠠᠮ ᠤᠨ ᠡᠪ ᠬᠠᠮᠲᠤ ᠨᠠᠮ

ᠸᠢᠶᠧᠲᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾

 ᠤᠨ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠳᠡᠯᠡᠬᠡᠢ ᠳᠡᠭᠡᠷᠡᠬᠢ ᠪᠠ ᠭᠠᠵᠠᠷ ᠣᠷᠣᠨ ᠳᠠᠬᠢ ᠨᠥᠯᠥᠭᠡᠯᠡᠬᠦ ᠬᠦᠴᠦᠨ ᠲᠠᠰᠤᠷᠠᠯᠳᠡ ᠦᠭᠡᠢ

ᠴᠢᠩᠭᠠᠷᠠᠵᠤ᠂ ᠨᠡᠶᠢᠭᠡᠮ ᠵᠢᠷᠤᠮ ᠤᠨ ᠠᠵᠤ ᠦᠢᠯᠡᠳᠪᠦᠷᠢᠵᠢᠯᠲᠡ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠᠶᠠᠷᠯᠠᠭᠤᠰᠢᠲᠠᠢ ᠠᠮᠵᠢᠯᠲᠠ

ᠣᠯᠵᠠᠢ᠃ ᠳᠤᠮᠳᠠᠳᠤ ᠸᠢᠶᠧᠲᠨᠠᠮ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮ ᠤᠨ ᠬᠥᠷᠰᠢ ᠤᠯᠤᠰ ᠮᠥᠨ᠂

ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠤᠯᠤᠰ ᠣᠷᠣᠨ ᠤ ᠲᠤᠰᠠᠭᠠᠷ ᠲᠣᠭᠲᠠᠨᠢᠯ

ᠪᠠ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠭᠠᠶᠢᠬᠠᠮᠰᠢᠭᠲᠤ ᠣᠨ ᠰᠠᠷ᠎ᠠ ᠳᠤ ᠬᠤᠶᠠᠷ ᠲᠠᠯ᠎ᠠ ᠪᠠᠷ ᠢᠶᠠᠨ ᠮᠥᠷᠥ ᠵᠡᠷᠭᠡᠴᠡᠨ ᠪᠠᠶᠢᠯᠳᠤᠵᠤ᠂

ᠬᠠᠷᠢᠯᠴᠠᠨ ᠲᠡᠮᠵᠢᠵᠦ᠂ ᠭᠦᠨ ᠵᠤᠵᠠᠭᠠᠨ ᠨᠥᠬᠦᠷᠯᠡᠯ ᠢ ᠪᠠᠶᠢᠭᠤᠯᠤᠭᠰᠠᠨ ᠶᠤᠮ᠃ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ

ᠵᠠᠮ ᠢ ᠰᠦᠪᠡᠭᠴᠢᠯᠡᠬᠦ ᠲᠠᠯ᠎ᠠ ᠪᠠᠷ ᠬᠤᠶᠠᠷ ᠲᠠᠯ᠎ᠠ ᠪᠠᠷ ᠢᠶᠠᠨ ᠬᠠᠷᠢᠯᠴᠠᠨ ᠰᠤᠷᠤᠯᠴᠠᠵᠥ ᠬᠠᠷᠢᠯᠴᠠᠨ ᠲᠣᠯᠢ ᠪᠤᠯᠭᠠᠵᠤ᠂ ᠭᠠᠷ ᠬᠤᠯᠪᠣᠨ ᠬᠠᠮᠲᠤ ᠪᠠᠷ

ᠤᠷᠤᠭᠰᠢᠯᠠᠵᠤ᠂ ᠳᠡᠯᠡᠬᠡᠢ ᠳ᠋ᠠᠬᠢᠨ ᠳᠤ ᠨᠡᠶᠢᠭᠡᠮ ᠵᠢᠷᠤᠮᠲᠤ ᠪᠠᠶᠢᠭᠤᠯᠤᠯ ᠤᠨ ᠭᠡᠭᠡᠨ ᠰᠠᠷᠠᠭᠤᠯ ᠢᠷᠡᠭᠡᠳᠦᠢ ᠶᠢ ᠵᠠᠷᠯᠠᠨ ᠲᠤᠩᠬᠠᠭᠯᠠᠵᠠᠢ᠃ ᠡᠨᠡ ᠵᠢᠯ ᠪᠣᠯ

ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ

ᠰᠣᠯᠢᠯᠴᠠᠭᠠᠨ ᠤ ᠣᠨ︾ ᠪᠠᠶᠢᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠰᠢᠨ᠎ᠡ

ᠬᠥᠭᠵᠢᠯᠲᠡ ᠶᠢᠨ ᠠᠵᠠ ᠲᠣᠭᠢᠶᠠᠯ ᠢ ᠤᠭᠲᠤᠨ ᠠᠪᠴᠢᠷᠠᠪᠠ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠭᠢᠶᠠᠯ ᠪᠤᠯᠭᠠᠵᠤ᠂

ᠸᠢᠶᠧᠲᠨᠠᠮ ᠤᠨ ᠤᠳᠤᠷᠢᠳᠬᠤ ᠨᠥᠬᠦᠳ ᠲᠠᠢ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭᠠᠨ ᠤ ᠪᠦᠭᠦ ᠲᠠᠯ᠎ᠠ ᠶᠢᠨ

ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ

ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠬᠠᠮᠲᠤ ᠪᠠᠷ ᠵᠢᠷᠤᠭᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

      ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ

 ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ

ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ

ᠱᠦᠵᠢ ᠨᠠᠷ ᠤᠨ ᠭᠠᠵᠠᠷ ᠤᠨ ᠱᠦᠵᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ

ᠬᠠᠮᠲᠤ ᠭᠦᠷᠪᠡ᠃

    ᠸᠢᠶᠧᠲᠨᠠᠮ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠾᠧ ᠸᠧᠢ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃

     ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠤ ᠬᠦᠷᠬᠦ ᠵᠠᠮ ᠵᠠᠭᠤᠷ᠎ᠠ ᠳᠤᠮᠳᠠᠳᠤ

ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠤᠯᠠᠭᠠᠨ ᠬᠥᠨᠳᠡᠯᠡᠨ ᠪᠢᠴᠢᠭᠡᠰᠦ ᠳᠡᠭᠡᠷ᠎ᠡ ᠪᠢᠴᠢᠭᠰᠡᠨ︽

ᠳᠤᠮᠳᠠᠳᠤ ᠸᠢᠶᠧᠲᠨᠠᠮ ᠤᠨ ᠨᠥᠬᠦᠷᠯᠡᠯ ᠥᠨᠢ ᠡᠭᠦᠷᠢᠳᠡ ᠮᠥᠩᠬᠡᠷᠡᠨ᠋ ᠎ᠡ︾᠂ ︽ᠠᠭᠤᠯᠠ ᠤᠰᠤ ᠪᠠᠷ ᠢᠶᠠᠨ ᠵᠠᠯᠭᠠᠯᠳᠤᠵᠤ᠂ ᠬᠤᠪᠢ ᠵᠠᠶᠠᠭ᠎ᠠ ᠪᠠᠨ

ᠬᠠᠮᠲᠤᠳᠬᠠᠨ᠎ᠠ︾᠂ ︽ᠳᠤᠮᠳᠠᠳᠤ ᠸᠢᠶᠧᠲᠨᠠᠮ ᠤᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠭᠡᠬᠦ ᠦᠰᠦᠭ ᠤᠳ ᠥᠩᠭᠡ

ᠢᠯᠭᠠᠷᠠᠨ ᠬᠠᠷᠠᠭᠳᠠᠵᠤ ᠪᠠᠶᠢᠯ᠎ᠠ᠃ ᠲᠤᠬᠠᠢ ᠶᠢᠨ ᠭᠠᠵᠠᠷ ᠤᠨ ᠠᠷᠠᠳ ᠤᠯᠠᠨ ᠪᠣᠯᠣᠨ ᠳᠤᠮᠳᠠᠳᠤ ᠶᠢᠨ ᠪᠡᠯᠡᠳᠦ ᠪᠠᠶᠢᠭᠤᠯᠤᠮᠵᠢ᠂ ᠭᠠᠳᠠᠭᠠᠳᠤ ᠳᠤ

ᠰᠤᠷᠤᠯᠴᠠᠵᠤ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠲᠠᠯ᠎ᠠ ᠳᠤ ᠴᠤᠭᠯᠠᠷᠠᠵᠤ᠂ ᠰᠢ ᠶᠢᠨ ᠫᠢᠩ ᠤᠨ ᠠᠶᠢᠯᠴᠢᠯᠠᠬᠤ ᠪᠠᠷ

ᠢᠷᠡᠭᠰᠡᠨ ᠢ ᠬᠠᠯᠠᠭᠤᠨ ᠢᠶᠠᠷ ᠤᠭᠲᠤᠪᠠ᠃

︵ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ