【 ᠦᠰᠦᠭ ᠪᠢᠴᠢᠭ ᠤᠨ ᠲᠠᠶᠢᠯᠤᠮᠵᠢ 】︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾
ᠨᠡᠶᠢᠲᠡᠯᠡᠭᠰᠡᠨ ᠴᠠᠭ᠄
2025/4/15
     ᠵᠠᠭᠤ ᠭᠤᠴᠢᠨ ᠬᠤᠶᠠᠳᠤᠭᠠᠷ ᠵᠦᠢᠯ ᠲᠤᠤᠷᠠᠬᠢ ᠦᠢᠯᠡ ᠠᠵᠢᠯᠯᠠᠭ᠎ᠠ ᠶᠢᠨ ᠠᠯᠢ ᠨᠢᠭᠡ ᠨᠢ  ᠬᠦᠨᠳᠤ ᠨᠤᠴᠢᠳᠠᠢ ᠬᠤᠭᠢᠷᠠᠯ ᠤᠴᠠᠷᠠᠭᠤᠯᠤᠭᠰᠠᠨ ᠪᠤᠶᠤ ᠬᠦᠨᠳᠤ ᠨᠤᠴᠢᠳᠠᠢ ᠮᠠᠭᠤ ᠨᠦᠯᠦᠭᠡ ᠤᠴᠠᠷᠠᠭᠤᠯᠤᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠦᠮᠦᠨ ᠪᠠ ᠤᠳᠤᠷᠢᠳᠬᠤ ᠬᠠᠷᠢᠭᠤᠴᠠᠯᠭ᠎ᠠ ᠲᠠᠢ ᠬᠦᠮᠦᠨ ᠳᠤ ᠰᠡᠷᠡᠮᠵᠢ ᠦᠭᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ᠃     ᠦᠢᠯᠡ ᠪᠠᠶᠢᠳᠠᠯ ᠨᠢ ᠬᠦᠨᠳᠣ ᠨᠣᠴᠢᠲᠠᠢ ᠪᠠᠶᠢᠪᠠᠯ᠂ ᠨᠠᠮ ᠤᠨ ᠲᠣᠳᠣᠭᠠᠳᠣ ᠶᠢᠨ ᠲᠣᠰᠢᠶᠠᠯ ᠠᠴᠠ ᠨᠢ ᠣᠭᠴᠠᠷᠠᠭᠤᠯᠬᠤ ᠪᠤᠶᠤ ᠨᠠᠮ ᠳᠤ ᠦᠯᠡᠳᠡᠭᠡᠵᠦ ᠪᠠᠶᠢᠴᠠᠭᠠᠨ ᠦᠵᠡᠬᠦ ᠰᠢᠢᠳᠭᠡᠯ ᠦᠭᠭᠦᠨ᠎ᠡ᠃    ︵ᠨᠢᠭᠡ︶ ᠶᠠᠷᠢᠶ᠎ᠠ ᠬᠡᠯᠡᠯᠴᠡᠭᠡᠨ ᠤ ᠵᠣᠬᠢᠶᠠᠨ ᠪᠦᠲᠦᠭᠡᠬᠦ ᠶᠠᠪᠤᠳᠠᠯ ᠢ ᠬᠠᠯᠠᠭᠤᠨ ᠢᠶᠠᠷ ᠬᠥᠭᠡᠭᠡᠴᠡᠯᠳᠦᠵᠦ᠂ ᠤᠢᠩᠭᠡᠠ ᠲᠠᠯ᠎ᠠ  ᠶᠢ ᠬᠦᠬᠡᠬᠡᠴᠡᠯᠳᠡᠬᠦ ︔    ︵ᠬᠤᠶᠠᠷ︶ ᠳᠠᠩ ᠭᠠᠭᠴᠠ ᠬᠤᠷᠠᠯ ᠢᠶᠠᠷ ᠬᠤᠷᠠᠯ ᠢ ᠲᠣᠭᠤᠰᠢᠯᠠᠭᠤᠯᠵᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ᠂ ᠪᠣᠳᠠᠲᠠᠶ ᠠᠵᠢᠯ ᠤᠨ ᠳᠤᠮᠳᠠ ᠠᠵᠢᠯᠯᠠᠭ᠎ᠠ ᠠᠪᠬᠤ ᠦᠭᠡᠢ︔    ︵ᠭᠤᠷᠪᠠ︶ ᠪᠣᠳᠠᠲᠤ ᠪᠠᠶᠢᠳᠠᠯ ᠠᠴᠠ ᠰᠠᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠤᠢᠭᠡᠢ᠂ ᠳᠤᠷ᠎ᠠ ᠪᠠᠷ ᠢᠶᠠᠨ ᠪᠤᠳᠦᠯᠭ᠎ᠠ ᠲᠣᠭᠲᠠᠭᠠᠵᠤ᠂ ᠮᠧᠬᠠᠨᠢᠭ ᠢᠶᠠᠷ ᠬᠡᠷᠡᠭᠵᠢᠭᠦᠯᠬᠦ︔    ︵ᠲᠦᠷᠪᠡ︶ ᠪᠢᠴᠢᠭ ᠮᠠᠲ᠋ᠧᠷᠢᠶᠠᠯ ᠢ ᠰᠢᠯᠢᠳᠡᠭᠴᠢᠯᠡᠵᠦ ᠬᠤᠷᠠᠯ ᠢ ᠴᠦᠭᠡᠳᠭᠡᠬᠦ ᠶᠢ ᠵᠦᠷᠢᠴᠡᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠪᠢᠴᠢᠭ ᠮᠠᠲ᠋ᠧᠷᠢᠶᠠᠯ ᠣᠯᠠᠰᠢᠷᠠᠭᠤᠯᠣᠨ ᠬᠤᠷᠠᠯ ᠴᠤᠭᠯᠠᠭ᠎ᠠ  ᠣᠯᠠᠨ ᠦᠷᠨᠢᠬᠦᠯᠬᠦ︔    ︵ᠲᠠᠪᠤ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠵᠡᠷᠭᠡ ᠠᠵᠢᠯ ᠤᠨ ᠳᠤᠮᠳᠠ ᠱᠠᠲᠤ ᠱᠠᠲᠤ ᠪᠠᠷ ᠲᠤᠭ᠎ᠠ ᠨᠡᠮᠡᠵᠦ᠂ ᠬᠡᠲᠦᠷᠡᠲᠡᠯ᠎ᠡ ᠣᠷᠣ ᠮᠥᠷ ᠦᠯᠡᠳᠡᠭᠡᠵᠦ᠂ ᠦᠨᠳᠦᠰᠦᠨ ᠱᠠᠲᠤᠨ ᠤ ᠠᠵᠢᠯ ᠤᠨ ᠳᠠᠷᠤᠭᠠᠰᠤ ᠶᠢ ᠨᠡᠮᠡᠭᠳᠡᠭᠦᠯᠬᠦ ︔            ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠪᠠᠶᠢᠭᠤᠯᠤᠯᠲᠠ       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ