ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠦᠭᠭᠦ ᠰᠢᠢᠳᠭᠡᠯ ③ | | ᠵᠠᠭᠤ ᠭᠤᠴᠢᠨ ᠭᠤᠷᠪᠠᠳᠤᠭᠠᠷ ᠵᠦᠢᠯ ᠠᠯᠪᠠᠨ ᠶᠠᠪᠤᠳᠠᠯ ᠤᠨ ᠠᠵᠢᠯᠯᠠᠭ᠎ᠠ ᠳᠤ ᠬᠤᠭᠤᠯᠠᠯᠠᠬᠤ ᠪᠠ ᠪᠠᠶᠢᠭᠤᠯᠭ᠎ᠠ ᠶᠢᠨ ᠬᠤᠭᠤᠯᠠᠨ ᠭᠡᠷ ᠤᠨ | ᠬᠤᠭᠤᠯᠠᠯᠠᠬᠤ ᠬᠠᠮᠢᠶᠠᠷᠤᠯᠳᠠ ᠶᠢᠨ ᠠᠵᠢᠯ ᠤᠨ ᠲᠤᠮᠳᠠ ᠤᠬᠠᠭᠤᠯᠭ᠎ᠠ ᠬᠦᠮᠦᠵᠢᠯ᠂ ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠭᠰᠡᠨ ᠦᠭᠡᠢ ᠪᠤᠶᠤ ᠵᠦᠪ ᠤᠨᠤᠪᠴᠢᠳᠠᠢ ᠭᠦᠢᠴᠡᠳᠭᠡᠬᠦᠯᠦᠭᠰᠡᠨ ᠦᠭᠡᠢ ᠠᠴᠠ ᠪᠤᠯᠵᠤ ᠬᠤᠭᠤᠯᠠ ᠤᠮᠳᠠᠭᠠᠨ ᠢ ᠪᠦᠷᠢᠯᠭᠡᠨ ᠰᠦᠢᠳᠭᠡᠭᠰᠡᠨ | ᠬᠦᠨᠳᠤ ᠨᠤᠴᠢᠳᠠᠢ ᠮᠠᠭᠤ ᠨᠦᠯᠦᠭᠡ ᠭᠠᠷᠭᠠᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠦᠮᠦᠨ ᠪᠠ ᠤᠳᠤᠷᠢᠳᠬᠤ ᠬᠠᠷᠢᠭᠤᠴᠠᠯᠭ᠎ᠠ ᠲᠠᠢ | ᠬᠦᠮᠦᠨ ᠳᠤ ᠰᠡᠷᠡᠮᠵᠢ ᠦᠭᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ᠃ | ᠵᠠᠭᠤ ᠭᠤᠴᠢᠨ ᠲᠦᠷᠪᠡᠳᠦᠭᠡᠷ ᠵᠦᠢᠯ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠵᠢᠯ ᠤᠨ ᠲᠤᠮᠳᠠ᠂ ᠲᠤᠤᠷᠠᠬᠢ ᠦᠢᠯᠡ ᠠᠵᠢᠯᠯᠠᠭ᠎ᠠ ᠶᠢᠨ | ᠠᠯᠢ ᠨᠢᠭᠡ ᠶᠢ ᠬᠢᠵᠤ᠂ ᠮᠠᠭᠤ ᠨᠦᠯᠦᠭᠡ ᠪᠤᠶᠤ ᠬᠦᠨᠳᠦ ᠨᠤᠴᠢᠲᠠᠢ ᠤᠷᠰᠢᠭ ᠲᠠᠳᠠᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠦᠮᠦᠨ ᠪᠠ | ᠤᠳᠤᠷᠢᠳᠬᠤ ᠬᠠᠷᠢᠭᠤᠴᠠᠯᠭ᠎ᠠ ᠲᠠᠢ ᠬᠦᠮᠦᠨ ᠳᠤ ᠰᠡᠷᠡᠮᠵᠢ ᠦᠭᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ᠃ | ︵ᠨᠢᠭᠡ︶ ︽ᠭᠤᠷᠪᠠ ᠶᠢ ᠲᠣᠭᠲᠠᠭᠠᠬᠤ︾ ᠲᠣᠭᠲᠠᠭᠠᠭᠰᠠᠨ ᠬᠡᠪᠴᠢᠶ᠎ᠡ ᠠᠴᠠ ᠳᠤᠷ᠎ᠠ ᠪᠠᠷ ᠢᠶᠠᠨ ᠳᠠᠪᠠᠭᠤᠯᠤᠨ ᠡᠭᠦᠷᠭᠡ ᠬᠠᠷᠢᠭᠤᠴᠠᠯᠭ᠎ᠠ | ᠲᠣᠬᠢᠷᠠᠭᠤᠯᠬᠤ᠂ ᠪᠠᠶᠢᠭᠤᠯᠤᠮᠵᠢ ᠶᠢ ᠪᠠᠶᠢᠷᠢᠯᠠᠭᠤᠯᠬᠤ᠂ ᠤᠳᠤᠷᠢᠳᠬᠤ ᠲᠤᠰᠢᠶᠠᠯ ᠤᠨ ᠲᠤᠭ᠎ᠠ ᠶᠢ ᠬᠢᠨᠠᠨ ᠲᠣᠭᠲᠠᠭᠠᠬᠤ ᠪᠠ ᠠᠵᠢᠯᠲᠠᠨ ᠲᠣᠬᠢᠷᠠᠭᠤᠯᠬᠤ︔ | ︵ᠬᠤᠶᠠᠷ︶ ᠣᠷᠣᠨ ᠨᠤᠲᠤᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠭᠲᠠᠭᠠᠯ ᠠᠴᠠ ᠵᠥᠷᠢᠴᠡᠨ ᠭᠠᠷ ᠳᠦᠷᠦᠬᠦ︔ | ︵ᠭᠤᠷᠪᠠ︶ ᠪᠠᠶᠢᠭᠤᠯᠤᠮᠵᠢ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠠᠭᠤ ᠭᠤᠴᠢᠨ ᠲᠠᠪᠤᠳᠤᠭᠠᠷ ᠵᠦᠢᠯ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠮᠳᠠ ᠲᠤᠤᠷᠠᠬᠢ ᠦᠢᠯᠡ ᠠᠵᠢᠯᠯᠠᠭ᠎ᠠ ᠶᠢᠨ ᠠᠯᠢ ᠨᠢᠭᠡ ᠶᠢ ᠬᠢᠵᠤ᠂ | ᠮᠠᠭᠤ ᠨᠦᠯᠦᠭᠡ ᠪᠤᠶᠤ ᠬᠦᠨᠳᠤ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠦᠮᠦᠨ ᠪᠠ ᠤᠳᠤᠷᠢᠳᠬᠤ | ᠬᠠᠷᠢᠭᠤᠴᠠᠯᠭ᠎ᠠ ᠲᠠᠢ ᠬᠦᠮᠦᠨ ᠳᠤ ᠰᠡᠷᠡᠮᠵᠢ ᠦᠭᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ᠃ | ︵ᠨᠢᠭᠡ︶ ᠵᠠᠬᠢᠳᠠᠯᠰᠤᠷᠪᠤᠯᠵᠢᠯᠠᠭᠠ ᠶᠢᠨ ᠵᠦᠢᠯᠡᠰ ᠢ ᠲᠣᠭᠲᠠᠭᠠᠯ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠦᠭᠡᠢ | ︵ᠬᠤᠶᠠᠷ︶ ᠬᠡᠪᠴᠢᠶᠡᠵᠢᠯ ᠤᠨ ᠴᠢᠨᠠᠷᠲᠠᠶ ᠬᠠᠮᠲᠤ ᠶᠢᠨ ᠰᠤᠷᠪᠤᠯᠵᠢᠯᠠᠭ᠎ᠠ ᠵᠡᠷᠭᠡ ᠳᠤ ᠰᠢᠢᠳᠪᠦᠷᠢᠯᠡᠭᠰᠡᠨ ᠨᠢ ᠬᠦᠴᠦᠨ ᠦᠭᠡᠶ ᠠᠴᠠ ᠪᠣᠯᠵᠤ | ᠬᠡᠷᠡᠭ ᠤᠨ ᠪᠠᠶᠢᠳᠠᠯ ᠢ ᠥᠷᠭᠡᠳᠭᠡᠪᠡ︔ | ︵ᠭᠤᠷᠪᠠ︶ ᠨᠠᠮ ᠤᠨ ᠬᠤᠷᠢᠶ᠎ᠠ ᠪᠥᠯᠤᠨ ᠵᠠᠰᠠᠭ ᠤᠨ ᠣᠷᠳᠣᠨ ᠤ ᠵᠠᠬᠢᠲᠠᠯ ᠰᠣᠷᠪᠤᠯᠵᠢᠯᠠᠭ᠎ᠠ ᠶᠢᠨ ᠰᠠᠯᠠᠭ᠎ᠠ ᠮᠦᠴᠢᠷ ᠤᠨ ᠳᠤᠷᠡᠳᠤᠭᠰᠠᠨ | ᠠᠵᠢᠯ ᠢᠶᠠᠨ ᠰᠠᠶᠢᠵᠢᠷᠠᠭᠤᠯᠬᠤ᠂ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠭᠰᠡᠨ ᠵᠡᠷᠭᠡ ᠰᠠᠨᠠᠭᠤᠯᠭ᠎ᠠ ᠪᠠᠷ ᠭᠦᠶᠢᠴᠡᠳ ᠪᠣᠰᠤ᠂ | ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠢ ᠠᠴᠠ ᠪᠣᠯᠵᠤ ᠠᠰᠠᠭᠤᠳᠠᠯ ᠢ ᠤᠷᠲᠤ ᠬᠤᠭᠤᠴᠠᠭ᠎ᠠ ᠪᠠᠷ ᠰᠶᠢᠳᠪᠦᠷᠢᠯᠡᠵᠦ ᠴᠢᠳᠠᠭᠰᠠᠨ ᠦᠬᠡᠢ ︔ | ︵ᠲᠦᠷᠪᠡ︶ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠬᠡᠢ ᠪᠤᠶᠤ ᠵᠥᠪ | ᠣᠨᠣᠪᠴᠢᠲᠠᠢ ᠪᠠᠷ ᠭᠦᠢᠴᠡᠳᠭᠡᠬᠦ ᠦᠬᠡᠢ ᠪᠣᠰᠣᠳ ᠠᠵᠢᠯᠯᠠᠭ᠎ᠠ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ ᠪᠤᠶᠤ ᠵᠥᠪ ᠣᠨᠣᠪᠴᠢᠲᠠᠶ ᠭᠦᠢᠴᠡᠳᠬᠡᠭᠰᠡᠨ ᠦᠭᠡᠶ ᠠᠴᠠ ᠪᠣᠯᠵᠤ ᠵᠠᠬᠢᠳᠠᠯ ᠰᠣᠷᠪᠣᠯᠵᠢᠯᠠᠭ᠎ᠠ | ᠶᠢᠨ ᠪᠣᠰᠣᠳ ᠪᠠᠶᠢᠳᠠᠯ ᠭᠠᠷᠴᠤ᠂ ᠮᠠᠭᠤ ᠨᠥᠯᠥᠭᠡ ᠭᠠᠷᠭᠠᠭᠰᠠᠨ ᠪᠤᠶᠤ ᠬᠦᠨᠳᠦ ᠨᠣᠴᠢᠲᠠᠶ ᠤᠷᠰᠢᠭ ᠭᠠᠷᠭᠠᠭᠰᠠᠨ ᠪᠣᠯ ᠰᠢᠭᠤᠳ ᠬᠠᠷᠢᠭᠤᠴᠠᠯᠭ᠎ᠠ | ᠡᠭᠦᠷᠭᠡᠯᠡᠭᠴᠢ ᠪᠣᠯᠤᠨ ᠤᠳᠤᠷᠢᠳᠬᠤ ᠬᠠᠷᠢᠭᠤᠴᠠᠯᠭ᠎ᠠ ᠶᠢ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | | | ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠪᠠᠶᠢᠭᠤᠯᠤᠯᠲᠠ | | | |