ᠵᠠᠭᠤ ᠭᠤᠴᠢᠨ ᠵᠢᠷᠭᠤᠳᠤᠭᠠᠷ ᠵᠦᠢᠯ ᠨᠠᠮ ᠤᠨ ᠵᠤᠬᠢᠶᠠᠨ ᠪᠠᠶᠢᠭᠤᠯᠤᠯᠳᠠ ᠲᠤᠤᠷᠠᠬᠢ ᠦᠢᠯᠡ ᠠᠵᠢᠯᠯᠠᠭ᠎ᠠ ᠶᠢᠨ ᠠᠯᠢ ᠨᠢᠭᠡ ᠶᠢ ᠨᠢ ᠵᠦᠷᠢᠴᠡᠪᠡᠯ | ᠂ ᠰᠢᠭᠤᠳ ᠬᠠᠷᠢᠭᠤᠴᠠᠯᠭ᠎ᠠ ᠲᠠᠢ ᠬᠦᠮᠦᠨ ᠪᠠ ᠤᠳᠤᠷᠢᠳᠬᠤ ᠬᠠᠷᠢᠭᠤᠴᠠᠯᠭ᠎ᠠ ᠲᠠᠢ ᠬᠦᠮᠦᠨ ᠳᠤ ᠦᠢᠯᠡ ᠪᠠᠶᠢᠳᠠᠯ ᠨᠢ ᠨᠡᠯᠢᠶᠡᠳ ᠬᠦᠨᠳᠤ ᠨᠤᠴᠢᠳᠠᠢ | ᠪᠠᠶᠢᠪᠠᠯ᠂ ᠰᠡᠷᠡᠮᠵᠢᠯᠡᠬᠦᠯᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ | ︵ᠨᠢᠭᠡ︶ ᠨᠠᠮ ᠤᠨ ᠭᠡᠰᠢᠭᠦᠨ ᠢ ᠬᠡᠷᠡᠭ ᠪᠣᠯᠭᠠᠨ ᠳᠠᠩᠰᠠᠯᠠᠵᠤ ᠬᠢᠨᠠᠨ ᠪᠠᠶᠢᠴᠠᠭᠠᠬᠤ ᠬᠤᠭᠤᠴᠠᠭᠠᠨ ᠳᠤ᠂ ᠲᠡᠭᠦᠨ ᠤ ᠠᠯᠪᠠᠨ ᠶᠠᠪᠤᠳᠠᠯ ᠢᠶᠠᠷ | ᠭᠠᠳᠠᠭᠰᠢ ᠭᠠᠷᠬᠤ᠂ ᠭᠠᠳᠠᠭᠠᠳᠤ ᠳᠤ ᠭᠠᠷᠬᠤ᠂ ᠲᠤᠰᠢᠶᠠᠯ ᠠᠴᠠ ᠪᠠᠨ ᠪᠠᠭᠤᠬᠤ᠂ ᠡᠰᠡᠭᠦᠯ᠎ᠡ ᠰᠣᠯᠢᠯᠴᠠᠬᠤ᠂ ᠲᠤᠰᠢᠶᠠᠯ ᠳᠡᠪᠰᠢᠭᠦᠯᠬᠦ᠂ ᠵᠡᠷᠭᠡ ᠳᠡᠰ | ᠳᠡᠪᠰᠢᠭᠦᠯᠬᠦ᠂ ᠤᠯᠠᠮ ᠨᠢᠭᠡ ᠠᠯᠬᠤᠮ ᠬᠡᠷᠡᠭᠯᠡᠬᠦ᠂ ᠱᠠᠩᠨᠠᠬᠤ ᠪᠤᠶᠤ ᠠᠵᠢᠯ ᠠᠴᠠ ᠪᠠᠭᠤᠬᠤ ᠭᠠᠷ ᠭᠦᠢᠴᠡᠳᠬᠡᠯ ᠬᠢᠬᠦ ᠶᠢ ᠳᠣᠷ᠎ᠠ ᠪᠠᠷ ᠢᠶᠠᠨ ᠵᠦᠪᠰᠢᠶᠡᠷᠡᠬᠦ︔ | | ︵ᠬᠤᠶᠠᠷ︶ ᠨᠠᠮ ᠤᠨ ᠭᠡᠰᠢᠭᠦᠨ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠤ ᠳᠠᠷᠠᠭ᠎ᠠ᠂ ᠳᠣᠭᠲᠠᠭᠠᠯ ᠶᠣᠰᠤᠭᠠᠷ | ᠨᠠᠮ ᠤᠨ ᠰᠠᠬᠢᠯᠭ᠎ᠠ ᠪᠠᠲᠤ ᠶᠢᠨ ᠰᠶᠢᠳᠭᠡᠯ ᠥᠭᠬᠦ ᠦᠭᠡᠢ ᠪᠣᠶᠤ ᠨᠠᠮ ᠤᠨ ᠭᠡᠰᠢᠭᠦᠨ ᠤ ᠤᠯᠤᠰ ᠤᠨ ᠬᠠᠤᠯᠢ ᠴᠠᠭᠠᠵᠠ ᠬᠠᠤᠯᠢ ᠳᠣᠭᠲᠠᠭᠠᠯ ᠢ | ᠵᠦᠷᠢᠴᠡᠭᠰᠡᠨ ᠠᠵᠢᠯᠯᠠᠭ᠎ᠠ ᠳᠤ ᠨᠠᠮ ᠤᠨ ᠰᠠᠬᠢᠯᠭ᠎ᠠ ᠪᠠᠲᠤ ᠶᠢᠨ ᠰᠶᠢᠳᠭᠡᠯ ᠥᠭᠬᠦ ᠬᠡᠷᠡᠭᠲᠡᠢ ᠪᠠᠶᠢᠭᠠᠳ ᠰᠢᠢᠳᠭᠡᠯ ᠦᠭᠭᠦᠭᠰᠡᠨ ᠦᠬᠡᠢ︔ | ︵ᠭᠤᠷᠪᠠ︶ ᠨᠠᠮ ᠤᠨ ᠰᠠᠬᠢᠯᠭ᠎ᠠ ᠪᠠᠳᠤ ᠶᠢᠨ ᠰᠢᠢᠳᠭᠡᠯ ᠥᠭᠬᠦ ᠲᠤᠭᠳᠠᠭᠠᠯ ᠪᠤᠶᠤ ᠭᠤᠮᠤᠳᠠᠯ ᠲᠤᠭᠠᠴᠢᠯᠳᠠ ᠶᠢ ᠲᠠᠬᠢᠨ ᠪᠠᠶᠢᠴᠠᠭᠠᠳ ᠲᠤᠭᠳᠠᠭᠠᠯ | ᠭᠠᠷᠭᠠᠭᠰᠠᠨ ᠤ ᠲᠠᠷᠠᠭ᠎ᠠ᠂ ᠲᠤᠭᠳᠠᠭᠠᠯ ᠶᠤᠰᠤᠭᠠᠷ ᠨᠠᠶᠢᠳᠡᠪᠤᠷᠢᠵᠢᠭᠤᠯᠤᠭᠰᠠᠠ ᠬᠦᠮᠦᠨ ᠤ ᠨᠠᠮ ᠤᠨ ᠬᠠᠷᠢᠶ᠎ᠠ᠂ ᠲᠤᠰᠢᠶᠠᠯ᠂ ᠲᠤᠰᠢᠶᠠᠯ ᠤᠨ ᠲᠡᠰ᠂ | ᠬᠠᠷᠠᠭᠠᠯᠵᠠᠯ ᠵᠡᠷᠭᠡ ᠤᠴᠢᠷ ᠶᠠᠪᠤᠳᠠᠯ ᠤᠳ ᠢ ᠰᠢᠢᠳᠭᠡᠭᠰᠡᠨ ᠦᠭᠡᠢ︔ | ︵ᠲᠦᠷᠪᠡ︶ ᠨᠠᠮ ᠤᠨ ᠭᠡᠰᠢᠭᠦᠨ ᠨᠠᠮ ᠤᠨ ᠰᠠᠬᠢᠯᠭ᠎ᠠ ᠪᠠᠲᠤ ᠵᠢᠨᠰᠢᠢᠳᠭᠡᠯ ᠣᠯᠤᠭᠰᠠᠨ ᠤ ᠳᠠᠷᠠᠭ᠎ᠠ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ | ᠪᠠ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠣᠰᠣᠭᠠᠷ ᠰᠢᠢᠳᠭᠡᠯ ᠣᠯᠤᠭᠰᠠᠨ ᠨᠠᠮ ᠤᠨ ᠭᠡᠰᠢᠭᠦᠨ ᠳᠤ ᠡᠳᠦᠷ ᠲᠤᠲᠤᠮ ᠤᠨ ᠬᠥᠮᠦᠵᠢᠯ᠂ | ᠬᠠᠮᠢᠶᠠᠷᠤᠯᠲᠠ ᠪᠠ ᠬᠢᠨᠠᠯᠲᠠ ᠲᠠᠯᠪᠢᠬᠤ ᠠᠵᠢᠯ ᠢ ᠥᠷᠨᠢᠭᠦᠯᠦᠭᠰᠡᠨ ᠦᠭᠡᠶ᠃ | | | ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠪᠠᠶᠢᠭᠤᠯᠤᠯᠲᠠ | |