ᠬᠠᠮᠠᠷ ᠤᠨ ᠦᠷᠪᠢᠰᠦᠯ ᠢ ᠰᠡᠷᠭᠡᠶᠢᠯᠡᠬᠦ ᠳᠤ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠬᠤᠶᠠᠷ ᠲᠠᠯ᠎ᠠ ᠶᠢᠨ ᠠᠷᠭ᠎ᠠ ᠪᠠᠶᠢᠳᠠᠭ
ᠨᠡᠶᠢᠲᠡᠯᠡᠭᠰᠡᠨ ᠴᠠᠭ᠄
2025/4/15
     ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠳᠤ ᠬᠠᠷᠰᠢᠮᠠᠲᠠᠭᠠᠶ ᠡᠭᠦᠰᠭᠡᠭᠴᠢ ᠪᠣᠯ ᠵᠠᠩᠭᠢᠯᠠᠭ᠎ᠠ ᠪᠣᠯᠤᠨ᠎ᠠ ᠭᠡᠳᠡᠭ ᠢ ᠲᠣᠳᠣᠷᠬᠠᠶ ᠮᠡᠳᠡᠵᠦ ᠪᠣᠯᠤᠨ᠎ᠠ᠃ ᠡᠪᠡᠳᠴᠢᠲᠡᠨ ᠡᠮᠨᠡᠯᠭᠡ ᠳᠤ ᠬᠦᠷᠴᠦ ᠬᠠᠷᠰᠢᠮᠠᠲᠠᠭᠠᠶ ᠶᠢᠨ ᠪᠠᠶᠢᠴᠠᠭᠠᠯᠲᠠ ᠬᠢᠵᠦ ᠪᠣᠯᠤᠨ᠎ᠠ᠂ ᠡᠭᠦᠨ ᠳᠤ ᠪᠡᠶ᠎ᠡ ᠶᠢᠨ ᠳᠣᠲᠣᠷᠠᠬᠢ ᠠᠷᠠᠰᠤ ᠮᠢᠬ᠎ᠠ ᠶᠢ ᠬᠠᠳᠬᠤᠬᠤ ᠲᠤᠷᠰᠢᠯᠲᠠ ᠪᠠ ᠪᠡᠶ᠎ᠡ ᠶᠢᠨ ᠭᠠᠳᠠᠨᠠᠬᠢ ᠴᠢᠰᠤ ᠰᠣᠷᠣᠭᠤᠯᠬᠤ ᠪᠠᠶᠢᠴᠠᠭᠠᠯᠲᠠ ᠪᠠᠭᠲᠠᠨ᠎ᠠ᠃ ᠬᠠᠷᠰᠢᠮᠠᠲᠠᠭᠠᠶ ᠶᠢ ᠲᠣᠭᠲᠠᠭᠠᠭᠰᠠᠨ ᠤ ᠳᠠᠷᠠᠭ᠎ᠠ ᠳᠠᠷᠤᠶ ᠬᠠᠨᠳᠤᠯᠭᠠᠲᠤ ᠴᠢᠨᠠᠷᠲᠠᠶ ᠪᠠᠷ ᠤᠷᠢᠳᠴᠢᠯᠠᠨ ᠰᠡᠷᠭᠡᠶᠢᠯᠡᠵᠦ ᠪᠣᠯᠤᠨ᠎ᠠ᠃     ᠵᠢᠱᠢᠶᠡᠯᠡᠪᠡᠯ ᠴᠡᠴᠡᠭ ᠤᠨ ᠲᠣᠭᠤᠰᠣᠨ ᠤ ᠣᠷᠭᠢᠯ ᠤᠨ ᠬᠤᠭᠤᠴᠠᠭ᠎ᠠ ᠠᠴᠠ ᠡᠮᠦᠨ᠎ᠡ ᠨᠢᠭᠡ ᠠᠴᠠ ᠬᠤᠶᠠᠷ ᠭᠠᠷᠠᠭ ᠤᠨ ᠡᠮᠦᠨ᠎ᠡ ᠤᠷᠢᠳ ᠢᠶᠠᠷ ᠬᠠᠷᠰᠢᠬᠤ ᠶᠢ ᠡᠰᠡᠷᠭᠦᠴᠡᠬᠦ ᠡᠮ᠂ ᠬᠠᠮᠠᠷ ᠤᠨ ᠰᠦᠷᠴᠢᠯᠲᠡ ᠶᠢᠨ ᠬᠤᠷᠮᠣᠨ ᠪᠤᠶᠤ ᠬᠠᠮᠠᠷ ᠤᠨ ᠰᠦᠷᠴᠢᠯᠲᠡ ᠶᠢᠨ ᠨᠡᠬᠡᠳᠡᠰᠦ ᠶᠢᠨ ᠠᠮᠢᠨ ᠢ ᠡᠰᠡᠷᠭᠦᠴᠡᠬᠦ ᠡᠮ ᠢ ᠤᠤᠭᠤᠨ᠎ᠠ᠃ ᠡᠳᠦᠷ ᠲᠤᠲᠤᠮ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡᠨ ᠤ ᠴᠡᠴᠡᠭ ᠤᠨ ᠲᠣᠭᠤᠰᠣᠨ ᠤ ᠥᠳᠬᠡᠴᠡ ᠶᠢ ᠠᠩᠬᠠᠷᠴᠤ᠂ ᠥᠳᠬᠡᠴᠡ ᠥᠨᠳᠥᠷ ᠦᠶ᠎ᠡ ᠳᠤ ᠴᠢᠳᠠᠬᠤ ᠶᠢᠨ ᠬᠢᠷᠢ ᠪᠠᠷ ᠭᠠᠳᠠᠭᠰᠢ ᠭᠠᠷᠬᠤ ᠠᠴᠠ ᠵᠠᠶᠢᠯᠠᠰᠬᠢᠨ᠎ᠡ᠃ ᠬᠡᠷᠪᠡ ᠵᠠᠪᠠᠯ ᠭᠠᠳᠠᠭᠰᠢ ᠭᠠᠷᠪᠠᠯ ᠠᠮᠠᠪᠴᠢ ᠵᠡᠭᠦᠬᠦ ᠪᠠᠨ ᠪᠦᠦ ᠮᠠᠷᠲᠠ᠃ ᠭᠡᠷ ᠲᠡᠭᠡᠨ ᠬᠠᠷᠢᠭᠰᠠᠨ ᠤ ᠳᠠᠷᠠᠭ᠎ᠠ ᠴᠠᠭ ᠲᠤᠬᠠᠶ ᠳᠤᠨᠢ ᠬᠠᠮᠠᠷ ᠤᠨ ᠬᠥᠨᠳᠡᠶ ᠪᠠᠨ ᠤᠬᠢᠶᠠᠨ ᠴᠡᠪᠡᠷᠯᠡᠵᠦ᠂ ᠬᠤᠪᠴᠠᠰᠤ ᠬᠤᠨᠠᠷ ᠢᠶᠠᠨ ᠰᠣᠯᠢᠵᠤ᠂ ᠭᠡᠷ ᠲᠡᠭᠡᠨ ᠡᠭᠦᠳᠡ ᠴᠣᠩᠬᠤ ᠪᠠᠨ ᠬᠠᠭᠠᠬᠤ ᠶᠢᠨ ᠬᠠᠮᠲᠤ ᠠᠭᠠᠷ ᠴᠡᠪᠡᠷᠰᠢᠭᠦᠯᠦᠭᠴᠢ ᠪᠠᠨ ᠨᠡᠭᠡᠭᠡᠨ᠎ᠡ᠃     ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ ︽ᠲᠦᠷᠮᠤᠰᠤᠨ ᠴᠤᠭᠴᠠ︾ ᠡᠮᠴᠢᠯᠡᠭᠡᠨ ᠤ ᠠᠷᠭ᠎ᠠ ᠨᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠠᠴᠠ ᠭᠠᠳᠠᠨ᠎ᠠ ᠪᠠᠰᠠ ᠡᠪᠡᠳᠴᠢᠨ ᠳᠤᠨᠢ ᠲᠠᠭᠠᠷᠠᠭᠤᠯᠵᠤ ᠡᠮᠨᠡᠨ ᠵᠠᠰᠠᠳᠠᠭ᠃ ᠠᠳᠠᠯᠢ ᠪᠤᠰᠤ ᠡᠪᠡᠳᠴᠢᠲᠡᠨ ᠤ ᠡᠪᠡᠳᠴᠢᠨ ᠤ ᠢᠯᠡᠷᠡᠯ ᠳᠤ ᠬᠠᠨᠳᠤᠭᠤᠯᠤᠨ᠂ ᠬᠠᠮᠠᠷ ᠤᠨ ᠰᠦᠷᠴᠢᠯᠲᠡ ᠶᠢᠨ ᠬᠤᠷᠮᠣᠨ᠂ ᠨᠡᠬᠡᠳᠡᠰᠦ ᠶᠢᠨ ᠠᠮᠢᠨ ᠢ ᠡᠰᠡᠷᠭᠦᠴᠡᠬᠦ ᠡᠮ᠂ ᠴᠠᠭᠠᠨ ᠭᠤᠷᠪᠠᠴᠢ ᠠᠯᠺᠧᠨ ᠤ ᠬᠦᠯᠢᠶᠡᠭᠴᠢ ᠪᠡᠶ᠎ᠡ ᠶᠢ ᠬᠤᠷᠢᠭᠯᠠᠬᠤ ᠡᠮ ᠵᠡᠷᠭᠡ ᠨᠢᠭᠡᠳᠦᠭᠡᠷ ᠳᠡᠰ ᠤᠨ ᠡᠮ ᠢ ᠰᠣᠩᠭᠤᠵᠤ ᠪᠣᠯᠤᠨ᠎ᠠ᠃ ᠡᠳᠡᠭᠡᠷ ᠡᠮ ᠨᠢ ᠡᠪᠡᠳᠴᠢᠨ ᠤ ᠢᠯᠡᠷᠡᠯ ᠢ ᠪᠦᠲᠦᠮᠵᠢᠲᠡᠶ ᠬᠤᠷᠢᠭᠯᠠᠵᠤ ᠴᠢᠳᠠᠳᠠᠭ᠂ ᠵᠢᠱᠢᠶᠡᠯᠡᠪᠡᠯ ᠬᠠᠮᠠᠷ ᠤᠨ ᠰᠦᠷᠴᠢᠬᠦ ᠬᠤᠷᠮᠣᠨ ᠨᠢ ᠬᠡᠳᠦ᠋ᠢᠪᠡᠷ ᠬᠤᠷᠮᠣᠨ ᠤ ᠲᠥᠷᠥᠯ ᠤᠨ ᠡᠮ ᠪᠣᠯᠪᠠᠴᠤ ᠵᠥᠪᠬᠡᠨ ᠬᠡᠰᠡᠭ ᠬᠠᠮᠠᠷ ᠤᠨ ᠬᠡᠰᠡᠭ ᠲᠤ ᠦᠢᠯᠡᠳᠦᠯ ᠦᠵᠡᠭᠦᠯᠵᠦ᠂ ᠪᠦᠬᠦ ᠪᠡᠶ᠎ᠡ ᠶᠢ ᠨᠥᠯᠥᠭᠡᠯᠡᠬᠦ ᠨᠢ ᠪᠠᠭ᠎ᠠ᠂ ᠲᠦᠷᠭᠡᠨ ᠴᠢᠨᠠᠷᠲᠠᠶ ᠬᠤᠭᠤᠴᠠᠭᠠᠨ ᠤ ᠡᠪᠡᠳᠴᠢᠨ ᠤ ᠢᠯᠡᠷᠡᠯ ᠢ ᠬᠢᠵᠠᠭᠠᠷᠯᠠᠬᠤ ᠲᠠᠯ᠎ᠠ ᠪᠠᠷ ᠢᠯᠡᠷᠬᠡᠶ ᠦᠢᠯᠡᠳᠦᠯ ᠲᠠᠢ ᠪᠠᠶᠢᠳᠠᠭ᠃ ᠬᠡᠷᠪᠡ ᠡᠪᠡᠳᠴᠢᠨ ᠤ ᠪᠠᠶᠢᠳᠠᠯ ᠨᠢ ᠦᠷᠭᠦᠯᠵᠢᠯᠡᠨ ᠨᠠᠮᠳᠠᠬᠤ ᠦᠭᠡᠢ ᠪᠣᠯ ᠰᠠᠭᠤᠷᠢ ᠡᠮ ᠳᠡᠭᠡᠷ᠎ᠡ ᠨᠢ ᠠᠮᠢᠳᠤ ᠪᠣᠳᠠᠰ ᠤᠨ ᠡᠮ ᠢ ᠰᠣᠩᠭᠤᠨ ᠬᠡᠷᠡᠭᠯᠡᠵᠦ ᠡᠮᠨᠡᠨ ᠵᠠᠰᠠᠵᠤ ᠪᠣᠯᠤᠨ᠎ᠠ᠂ ᠭᠡᠪᠡᠴᠦ ᠡᠬᠢᠯᠡᠩᠭᠦᠳᠡ ᠪᠠᠨ ᠠᠮᠢᠳᠤ ᠪᠣᠳᠠᠰ ᠤᠨ ᠡᠮ ᠢ ᠬᠡᠷᠡᠭᠯᠡᠵᠦ ᠪᠣᠯᠬᠤ ᠦᠭᠡᠢ᠃    ᠪᠠᠰᠠ ᠨᠢᠭᠡ ᠵᠦᠢᠯ ᠤᠨ ᠣᠨᠴᠠᠭᠠᠶ ᠴᠢᠨᠠᠷᠲᠠᠶ ᠡᠭᠡᠯᠢᠯᠡᠭᠡ ᠶᠢᠨ ᠵᠠᠰᠠᠯ᠂ ᠥᠭᠡᠷ᠎ᠡ ᠪᠠᠷ ᠬᠡᠯᠡᠪᠡᠯ ᠠᠷᠠᠳ ᠢᠷᠭᠡᠳ ᠤᠨ ᠬᠡᠯᠡᠳᠡᠭ ︽ᠬᠠᠷᠰᠢᠮᠠᠲᠠᠭᠠᠶ ᠶᠢ ᠲᠠᠶᠢᠯᠬᠤ ᠵᠡᠭᠦᠦ︾ ᠪᠣᠯᠤᠨ᠎ᠠ᠂ ᠡᠨᠡ ᠪᠣᠯ ᠣᠳᠣᠬᠠᠨ ᠤ ᠳᠡᠯᠡᠬᠡᠶ ᠳᠡᠭᠡᠷᠡᠬᠢ ᠴᠤᠷ ᠤᠨ ᠭᠠᠭᠴᠠ ︽ᠦᠨᠳᠦᠰᠦ ᠶᠢ ᠨᠢ ᠠᠷᠢᠯᠭᠠᠬᠤ︾ ᠵᠠᠰᠠᠯᠭ᠎ᠠ ᠶᠢᠨ ᠠᠷᠭ᠎ᠠ ᠪᠣᠯᠤᠨ᠎ᠠ᠃ ᠲᠡᠷᠡ ᠨᠢ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠠᠴᠠ ᠪᠣᠯᠵᠣ ᠬᠢᠷᠬᠢᠷ᠎ᠡ ᠡᠭᠦᠰᠬᠦ ᠶᠢ ᠬᠤᠷᠢᠭᠯᠠᠬᠤ ᠪᠠᠷ ᠪᠠᠷᠠᠬᠤ ᠥᠬᠡᠶ᠂ ᠪᠠᠰᠠ ᠰᠢᠨ᠎ᠡ ᠬᠠᠷᠰᠢᠯ ᠡᠭᠦᠰᠬᠦ ᠶᠢ ᠰᠡᠷᠭᠡᠶᠢᠯᠡᠵᠦ ᠴᠢᠳᠠᠨ᠎ᠠ᠃ ᠭᠡᠬᠦ ᠳᠡᠭᠡᠨ ᠬᠠᠷᠰᠢᠮᠠᠲᠠᠭᠠᠶ ᠶᠢ ᠲᠠᠶᠢᠯᠬᠤ ᠡᠮᠴᠢᠯᠡᠭᠡᠨ ᠤ ᠬᠤᠭᠤᠴᠠᠭ᠎ᠠ ᠨᠢ ᠨᠡᠯᠢᠶᠡᠳ ᠤᠷᠲᠤ᠂ ᠶᠡᠷᠦ ᠳᠡᠭᠡᠨ ᠭᠤᠷᠪᠠᠨ ᠵᠢᠯ ᠠᠴᠠ ᠡᠬᠢᠯᠡᠨ᠎ᠡ᠃                 ᠢᠷᠡᠯᠲᠡ᠄ ᠰᠢᠨᠬᠤᠸᠠ ᠰᠦᠯᠵᠢᠶ᠎ᠡ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ