4 ᠰᠠᠷ᠎ᠠ ᠶᠢᠨ 14 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠸᠢᠶᠧᠲᠨᠠᠮ ᠤᠨ ︽ | ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ | ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ | ᠪᠦᠭᠦ ᠠᠭᠤᠯᠭ᠎ᠠ ᠨᠢ ᠳᠣᠣᠷᠠᠬᠢ ᠮᠡᠲᠦ᠄ | ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ | ᠰᠢᠨ᠎ᠡ ᠬᠠᠭᠤᠳᠠᠰᠤ ᠶᠢ ᠪᠢᠴᠢᠭᠯᠡᠶ᠎ᠡ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠰᠢ ᠶᠢᠨ ᠫᠢᠩ | ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠦ᠋ ᠯᠢᠨ ᠨᠥᠬᠦᠷ ᠪᠣᠯᠣᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠲᠨᠠᠮ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ | ᠡᠨᠡ ᠬᠦ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧᠲᠨᠠᠮ ᠤᠨ ᠤᠳᠤᠷᠢᠳᠬᠤ ᠬᠥᠮᠥᠰ ᠲᠠᠢ | ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠣᠨ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ ᠬᠠᠮᠲᠤ ᠶᠢᠨ ᠬᠦᠰᠡᠯᠡᠩ ᠢᠲᠡᠭᠡᠯ | ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ ᠶᠤᠮ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ | ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ | ᠬᠤᠶᠠᠷ ᠤᠯᠤᠰ ᠤᠨ ᠠᠷᠠᠳ ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ | ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ | ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ᠂ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠣᠨ᠎ᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠪᠠ᠃ ᠬᠤᠶᠠᠷ | ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ | ᠺᠣᠯᠣᠨᠢᠴᠢᠯᠠᠬᠤ ᠦᠵᠡᠯ᠂ ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠤᠯᠤᠰ ᠤᠨ ᠭᠤᠸᠠᠩᠵᠧᠦ ᠳᠠᠬᠢ ᠸᠢᠶᠧᠲᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ᠂ ᠭᠤᠸᠠᠩᠰᠢ ᠶᠢᠨ ᠵᠢᠩᠰᠢ ᠶᠢᠨ | ︽ᠸᠢᠶᠧᠲᠨᠠᠮ ᠤᠨ ᠬᠤᠯᠪᠤᠭ᠎ᠠ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠪᠣᠯ ᠳᠤᠮᠳᠠᠳᠤ ᠸᠢᠶᠧᠲᠨᠠᠮ ᠤᠨ | ᠬᠤᠪᠢᠰᠬᠠᠯ ᠤᠨ ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ | ᠦᠶ᠎ᠡ ᠳᠤ ᠲᠡᠷᠢᠭᠦᠯᠡᠭᠴᠢ ᠬᠤ᠋ ᡁᠢ ᠮᠢᠩ ᠤᠷᠢᠳ ᠬᠤᠵᠢᠳ ᠶᠠᠨ ᠠᠨ᠂ ᠭᠦᠢᠯᠢᠨ᠂ ᠴᠦᠩᠴᠢᠩ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ | ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ ᠵᠥᠪᠯᠡᠭᠴᠢ ᠶᠢᠨ ᠪᠦᠯᠭᠦᠮ ᠪᠣᠯᠣᠨ | ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ᠂ | ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ | ᠰᠢᠳᠤᠷᠭᠤ ᠶᠣᠰᠣᠨ ᠤ ᠦᠢᠯᠡᠰ ᠢ ᠪᠦᠭᠦ ᠬᠦᠴᠦ ᠪᠠᠷ ᠢᠶᠠᠨ ᠳᠡᠮᠵᠢᠪᠡ᠃ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ | ᠠᠬ᠎ᠠ ᠳᠡᠭᠦᠦ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ | ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ ᠱᠦᠵᠢ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧᠲᠨᠠᠮ ᠤᠨ ᠤᠳᠤᠷᠢᠳᠬᠤ | ᠬᠥᠮᠥᠰ ᠲᠠᠢ ᠤᠯᠠᠨ ᠤᠳᠠᠭ᠎ᠠ ᠬᠠᠷᠢᠯᠴᠠᠨ ᠠᠶᠢᠯᠴᠢᠯᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠴᠢᠭᠯᠡᠯ ᠢ ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ | ᠬᠠᠷᠢᠯᠴᠠᠨ ᠨᠢᠭᠲᠠ ᠬᠥᠳᠡᠯᠦᠯᠴᠡᠵᠦ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ | ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ᠂ ᠬᠤᠶᠠᠷ ᠤᠯᠤᠰ ᠤᠨ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠪᠦᠲᠦᠮᠵᠢᠲᠡᠢ | ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ | ᠪᠠᠶᠢᠭᠤᠯᠤᠭᠳᠠᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ | ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠳᠡᠭᠡᠷ᠎ᠡ | ᠳᠤᠮᠳᠠᠳᠤ ᠸᠢᠶᠧᠲᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ ᠨᠢᠭᠲᠠ ᠪᠠᠶᠢᠳᠠᠭ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ | ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ | ᠸᠢᠶᠧᠲᠨᠠᠮ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ 20 ᠭᠠᠷᠤᠢ | ᠵᠢᠯ ᠳᠠᠷᠠᠭᠠᠯᠠᠨ ᠸᠢᠶᠧᠲᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 ᠣᠨ ᠳᠤ ᠳᠤᠮᠳᠠᠳᠤ ᠸᠢᠶᠧᠲᠨᠠᠮ ᠤᠨ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ᠃ ᠳ᠋ᠦᠷᠢᠦ᠂ ᠨᠠᠷᠭᠢᠯ ᠵᠡᠷᠭᠡ ᠸᠢᠶᠧᠲᠨᠠᠮ ᠤᠨ ᠨᠡᠩ ᠤᠯᠠᠨ ᠰᠢᠯᠢᠳᠡᠭ | ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ ᠬᠤᠶᠠᠷ ᠤᠯᠤᠰ ᠤᠨ ᠲᠡᠮᠦᠷ ᠵᠠᠮ ᠤᠨ | ᠬᠤᠯᠪᠣᠯᠳᠤᠨ ᠨᠡᠪᠲᠡᠷᠡᠯᠴᠡᠬᠦ ᠪᠠ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ ᠨᠣᠪᠰᠢ ᠪᠠᠷ | ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠨᠢ ᠸᠢᠶᠧᠲᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ 2 ᠳ᠋ᠤᠭᠠᠷ ᠱᠤᠭᠤᠮ ᠨᠢ | ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ ᠦᠵᠡᠭᠦᠯᠪᠡ᠃ ᠳᠤᠮᠳᠠᠳᠤ ᠸᠢᠶᠧᠲᠨᠠᠮ ᠬᠤᠶᠠᠷ ᠤᠯᠤᠰ ᠬᠠᠷᠢᠯᠴᠠᠨ | ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ | ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ ᠰᠣᠯᠢᠯᠴᠠᠭ᠎ᠠ ᠪᠠᠷ ᠠᠭᠢᠭᠤᠯᠤᠬᠳᠠᠪᠠ᠃ | ᠡᠳᠡᠭᠡᠷ ᠵᠢᠯ ᠤᠳ ᠲᠤ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ | ᠤᠯᠤᠰ ᠤᠨ ᠠᠷᠠᠳ ᠲᠦᠮᠡᠨ ᠶᠠᠪᠤᠬᠤ ᠳᠤᠳᠤᠮ ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧᠲᠨᠠᠮ ᠳᠤ ᠬᠦᠷᠴᠦ | ᠵᠢᠭᠤᠯᠴᠢᠯᠠᠬᠰᠠᠳ 370 ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡ ᠪᠠᠨ | ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ᠂ ︽ᠨᠢᠭᠡ ᠡᠳᠦᠷ ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ | ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ᠂ ᠡᠯᠧᠺᠲᠷᠣᠨ ᠲᠣᠭᠯᠠᠭᠠᠮ ᠨᠢ ᠸᠢᠶᠧᠲᠨᠠᠮ ᠤᠨ ᠵᠠᠯᠠᠭᠤᠴᠤᠳ ᠤᠨ ᠬᠠᠯᠠᠮᠰᠢᠯ | ᠶᠠᠷᠢᠶᠠᠨ ᠤ ᠰᠡᠳᠦᠪ ᠪᠣᠯᠵᠤ᠂ ᠸᠢᠶᠧᠲᠨᠠᠮ ᠤᠨ ︽ᠬᠢᠲᠠᠳ ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ ᠸᠢᠶᠧᠲᠨᠠᠮ ᠤᠨ ᠴᠥᠭᠡᠨ | ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ ᠮᠡᠳᠡᠭᠡ ᠪᠣᠯᠵᠤ᠂ ᠾᠸᠹᠧᠨ ᠵᠡᠷᠭᠡ ᠸᠢᠶᠧᠲᠨᠠᠮ ᠤᠨ ᠠᠮᠲᠠᠲᠤ | ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ ᠠᠷᠠᠳ ᠤᠯᠠᠨ ᠳᠤ ᠲᠠᠭᠠᠰᠢᠶᠠᠭᠳᠠᠪᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ | ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ | 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ | 30% ᠣᠷᠴᠢᠮ ᠪᠠᠶᠢᠬᠤ ᠶᠢ ᠪᠠᠲᠤᠯᠠᠵᠤ᠂ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ | ᠰᠢᠨ᠎ᠡ ᠡᠨᠧᠷᠭᠢ ᠶᠢᠨ ᠠᠵᠤ ᠦᠢᠯᠡᠰ᠂ ᠵᠣᠬᠢᠶᠠᠮᠠᠯ ᠣᠶᠤᠨ ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ | ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠬᠤ ᠶᠢ | ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ | ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ ᠴᠣᠭᠴᠠ ᠶᠢᠨ ᠰᠡᠷᠭᠦᠨ ᠮᠠᠨᠳᠤᠯᠲᠠ ᠶᠢ | ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ᠳᠤᠮᠳᠠᠳᠤ ᠤᠯᠤᠰ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ | ᠴᠢᠨᠠᠷ ᠢ ᠪᠠᠲᠤᠯᠠᠵᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ | ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ᠃ | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠸᠢᠶᠧᠲᠨᠠᠮ ᠤᠳᠠᠯ ᠦᠭᠡᠢ ᠦᠨᠳᠦᠰᠦᠲᠡᠨ ᠤ | ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠵᠦ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ︽ᠬᠤᠣᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠪᠣᠯᠣᠨ᠎ᠠ᠃ ᠳᠤᠮᠳᠠᠳᠤ ᠤᠯᠤᠰ ᠸᠢᠶᠧᠲᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ | ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ᠃ ᠪᠢᠳᠡ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ | ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ᠃ | - ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ | ᠠᠬᠢᠭᠤᠯᠤᠶ᠎ᠠ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ | ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ | ᠬᠤᠭᠤᠷᠣᠨᠳᠣᠭᠢ᠂ ᠵᠠᠰᠠᠭ ᠤᠨ ᠣᠷᠳᠣᠨ᠂ ᠴᠡᠷᠢᠭ ᠠᠩᠭᠢ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ | ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠤᠯᠤᠰ | ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ | ᠪᠠᠶᠠᠯᠢᠭᠵᠢᠭᠤᠯᠵᠤ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | - ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠶ᠎ᠡ᠃ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠢᠭᠡᠳ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ ᠲᠤᠬᠠᠢ | ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ ᠮᠡᠷᠭᠡᠵᠢᠯ ᠤᠨ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠸᠢᠶᠧᠲᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ | ᠲᠡᠮᠦᠷ ᠵᠠᠮ ᠤᠨ 3 ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ ᠤᠯᠤᠰ | ᠸᠢᠶᠧᠲᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ᠂ | ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ | ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | 5G᠂ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ᠃ | - ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ | ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ | ᠡᠰᠢᠲᠦ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠤᠯᠤᠰ ᠸᠢᠶᠧᠲᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ | ᠭᠠᠵᠠᠷ ᠢᠶᠠᠷ ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ ᠤᠯᠤᠰ ᠤᠨ ᠵᠢᠭᠤᠯᠴᠢᠯᠠᠬᠰᠡᠳ ᠤᠨ | ᠸᠢᠶᠧᠲᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠲᠯᠠᠨ ᠵᠢᠭᠤᠯᠴᠢᠯᠠᠬᠤ︾ ᠶᠢ ᠵᠣᠷᠢᠭᠵᠢᠭᠤᠯᠤᠨ᠎ᠠ᠃ ᠳᠤᠮᠳᠠᠳᠤ ᠸᠢᠶᠧᠲᠨᠠᠮ ᠤᠨ | ᠵᠠᠯᠠᠭᠤᠴᠤᠳ ᠤᠨ ᠨᠥᠭᠦᠷᠰᠡᠭ ᠠᠭᠤᠯᠵᠠᠯᠲᠠ᠂ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ | ᠣᠶᠢᠷᠠᠲᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ | ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ᠃ | - ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ ᠠᠬᠢᠭᠤᠯᠤᠶ᠎ᠠ᠃ ᠡᠨᠡ ᠵᠢᠯ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ | ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ ᠪᠣᠭᠤᠮᠲᠠ ᠶᠢᠨ ᠭᠠᠶᠢᠯᠢ ᠶᠢᠨ ᠲᠡᠶᠢᠨ ᠳᠤ ᠢᠯᠠᠭᠴᠢ ᠦᠭᠡᠢ᠂ ᠬᠠᠮᠠᠭᠠᠯᠠᠬᠤ ᠦᠵᠡᠯ ᠳᠤ ᠭᠠᠷᠬᠤ ᠵᠠᠮ | ᠦᠭᠡᠢ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ | ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠸᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ ᠲᠣᠬᠲᠠᠭᠠᠯᠳᠤ ᠴᠢᠨᠠᠷ ᠪᠠ ᠢᠳᠡᠪᠬᠢ ᠬᠦᠴᠦᠨ | ᠨᠡᠮᠡᠷᠢᠯᠡᠶ᠎ᠡ᠃ | - ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ᠃ ᠳᠤᠮᠳᠠᠳᠤ | ᠸᠢᠶᠧᠲᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ | ᠠᠮᠵᠢᠯᠲᠠ ᠲᠠᠢ ᠦᠢᠯᠡᠳᠦᠯᠭᠡ ᠨᠢ᠂ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠴᠢᠳᠠᠪᠤᠷᠢ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ | ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ | ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ | ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ ᠨᠥᠬᠦᠴᠡᠯ ᠬᠤᠷᠠᠮᠳᠤᠭᠤᠯᠤᠶ᠎ᠠ᠃ ︽ | ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ | ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ ᠵᠥᠪᠳᠡᠯᠴᠡᠭᠡ ᠶᠢ ᠢᠳᠡᠪᠬᠢᠲᠡᠢ ᠠᠬᠢᠭᠤᠯᠵᠤ᠂ ᠬᠠᠷᠰᠢᠯᠠᠯ ᠢ ᠠᠷᠢᠯᠭᠠᠵᠤ᠂ ᠠᠳᠠᠯᠢ ᠲᠠᠯ᠎ᠠ ᠪᠠᠨ ᠨᠢᠭᠡᠳᠬᠡᠨ | ᠵᠥᠷᠢᠶ᠎ᠡ ᠪᠠᠨ ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ | ᠪᠣᠯᠭᠠᠶ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ ᠭᠠᠷ ᠬᠤᠯᠪᠣᠨ ᠤᠷᠤᠭᠰᠢᠯᠠᠵᠤ᠂ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | ︵ ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ︶ | |