4 ᠰᠠᠷ᠎ᠠ ᠶᠢᠨ 14 ᠤ ᠣᠷᠣᠢ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ᠃ | ᠰᠢ ᠶᠢᠨ ᠫᠢᠩ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ᠂ ᠸᠢᠶᠧᠲᠨᠠᠮ ᠤᠨ ᠰᠢᠨᠡᠴᠢᠯᠡᠯᠲᠡ ᠶᠢᠨ | ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ ᠭᠡᠷᠡᠴᠢᠯᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ | ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ ᠣᠯᠪᠠ᠃ ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠵᠤ | ᠪᠠᠶᠢᠨ᠎ᠠ᠂ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ᠂ ᠬᠤᠶᠠᠷ ᠲᠠᠯ᠎ᠠ ᠪᠠᠷ ᠢᠶᠠᠨ ᠴᠥᠮ ᠥᠪᠡᠷ | ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ | ᠪᠠᠶᠢᠳᠠᠯ ᠤᠨ ᠡᠮᠦᠨ᠎ᠡ᠂ ᠳᠤᠮᠳᠠᠳᠤ ᠸᠢᠶᠧᠲᠨᠠᠮ ᠬᠤᠶᠠᠷ ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠪᠦᠯᠬᠦᠮᠳᠡᠨ | ᠬᠠᠮᠵᠢᠯᠴᠠᠬᠤ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠳᠡᠯᠡᠬᠡᠢ | ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠤᠯᠤᠰ | ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ | ᠢᠯᠠᠭᠳᠠᠬᠤ ᠲᠠᠢ ᠬᠤᠯᠪᠣᠭᠳᠠᠵᠤ ᠪᠠᠶᠢᠳᠠᠭ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ | ᠪᠣᠯᠣᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ᠂ ᠬᠠᠮᠲᠤ ᠶᠢᠨ | ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠴᠢᠭᠯᠡᠯ ᠢᠶᠠᠨ ᠪᠠᠲᠤᠳᠬᠠᠵᠤ᠂ ᠳᠤᠮᠳᠠᠳᠤ ᠸᠢᠶᠧᠲᠨᠠᠮ ᠤᠨ | ᠬᠠᠷᠢᠯᠴᠠᠭᠠᠨ ᠤ ᠬᠥᠯᠭᠡ ᠣᠩᠭᠤᠴᠠ ᠶᠢᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ᠃ ᠨᠠᠮ ᠤᠨ ᠬᠤᠭᠤᠷᠤᠨᠳᠤᠭᠢ᠂ ᠬᠠᠤᠯᠢ ᠲᠣᠭᠲᠠᠭᠠᠬᠤ | ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ | ᠦᠷᠭᠦᠯᠵᠢᠯᠡᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠤᠶᠠᠷ | ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ | ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠸᠢᠶᠧᠲᠨᠠᠮ ᠤᠨ | ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ᠂ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠬᠤᠶᠠᠷ ᠤᠯᠤᠰ ᠤᠨ | ᠬᠠᠤᠯᠢ ᠲᠣᠭᠲᠠᠭᠠᠬᠤ ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠨᠠᠶᠢᠳᠠᠪᠤᠷᠢᠵᠢᠭᠤᠯᠬᠤ ᠶᠢ ᠪᠠᠲᠤᠯᠠᠬᠤ᠂ ᠤᠯᠠᠨ ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ᠂ ᠲᠤᠰ ᠲᠤᠰ ᠤᠨ | ᠤᠯᠤᠰ ᠤᠨ ᠢᠶᠠᠨ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ ᠭᠡᠵᠦ ᠵᠢᠭᠠᠵᠤ ᠭᠠᠷᠭᠠᠪᠠ᠃ | ᠴᠧᠨ ᠴᠢᠩ ᠮᠢᠨ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠨᠠᠮ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ᠨᠥᠬᠦᠷ ᠪᠥᠭᠡᠳ ᠠᠬ᠎ᠠ ᠳᠡᠭᠦᠦ︾ ᠶᠢᠨ ᠴᠢᠩ ᠦᠨᠡᠨᠴᠢ ᠨᠥᠬᠦᠷᠯᠡᠯ ᠢ | ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠤᠷᠳᠤ ᠬᠤᠭᠤᠴᠠᠭ᠎ᠠ ᠪᠠᠷ ᠨᠥᠭᠦᠷᠰᠡᠭ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠲᠤᠰ | ᠤᠳᠠᠭ᠎ᠠ ᠶᠢᠨ ᠠᠶᠢᠯᠴᠢᠯᠠᠯᠲᠠ ᠨᠢ ᠳᠤᠮᠳᠠᠳᠤ ᠤᠯᠤᠰ ᠤᠨ ᠨᠠᠮ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ | ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠯᠳᠤᠬᠤ | ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ᠃ | ᠸᠢᠶᠧᠲᠨᠠᠮ ᠤᠨ ᠤᠯᠤᠰ ᠤᠨ ᠬᠤᠷᠠᠯ ᠤᠨ ᠬᠢᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ | ᠣᠯᠣᠯᠴᠠᠨ ᠬᠠᠮᠲᠤᠷᠠᠯᠴᠠᠵᠤ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ | ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠠᠷᠠᠳ | ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ ︶ | |