ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠶᠢ ᠬᠡᠷᠡᠭᠵᠢᠭᠦᠯᠬᠦ ᠲᠤᠬᠠᠶ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2025/4/16
     ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠠᠮᠠᠭᠠᠯᠠᠬᠤ ᠪᠠ ᠠᠰᠢᠭᠯᠠᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠲᠦᠷᠢᠮ︾᠂ ︽ᠤᠷᠠᠳ ᠤᠨ ᠡᠮᠦᠨᠡᠲᠦ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾᠂ ︽ᠤᠷᠠᠳ ᠤᠨ ᠡᠮᠦᠨᠡᠲᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠢᠴᠢ ᠱᠠᠩᠨᠠᠵᠤ ᠲᠣᠷᠭᠠᠬᠤ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠭ᠎ᠠ ᠰᠢᠭᠡᠲᠡᠢ ᠪᠠᠯᠭᠠᠰᠤ᠂ ᠮᠢᠩᠭᠠᠨ ᠪᠠᠯᠭᠠᠰᠤ᠂ ᠶᠡᠭᠡ ᠰᠢᠭᠡᠲᠡᠢ ᠪᠠᠯᠭᠠᠰᠤ᠂  ᠰᠣᠳᠠᠯ ᠤᠨ ᠬᠤᠳᠳᠤᠭ ᠪᠠᠯᠭᠠᠰᠤ  ᠵᠡᠷᠭᠡ 4 ᠰᠤᠮᠤ ᠪᠠᠯᠭᠠᠰᠤᠨ ᠤ ᠪᠥᠬᠦ ᠬᠡᠪᠴᠢᠶ᠎ᠡ ᠵᠢᠴᠢ ᠡᠷᠳᠡᠨᠢᠪᠤᠯᠠᠭ ᠰᠤᠮᠤ ᠶᠢᠨ ᠬᠠᠮᠠᠭᠠᠯᠠᠯᠲᠠ ᠶᠢᠨ ᠪᠤᠰᠤ ᠣᠷᠣᠨ ᠪᠠ ᠤᠮᠠᠷᠠᠲᠤ ᠣᠷᠣᠨ ᠤ ᠢᠨᠵᠧᠨᠧᠷᠢᠩ ᠠᠴᠠ ᠭᠠᠳᠠᠨᠠᠬᠢ ᠣᠷᠣᠨ ᠪᠦᠰᠡ ᠳᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ ᠨᠢ 2025 ᠣᠨ ᠤ 4 ᠰᠠᠷ᠎ᠠ ᠶᠢᠨ 16 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠂ ᠨᠡᠶᠢᠲᠡ 45 ᠡᠳᠦᠷ ᠪᠣᠯᠣᠨ᠎ᠠ᠃      ᠡᠯ᠎ᠡ ᠬᠤᠯᠪᠣᠭᠳᠠᠯ ᠪᠥᠬᠦᠶ ᠰᠤᠮᠤ ᠪᠠᠯᠭᠠᠰᠤ ᠲᠣᠰ ᠬᠠᠷᠢᠶ᠎ᠠ ᠣᠷᠣᠨ ᠤ ᠪᠠᠨ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠨ᠎ᠠ᠂ ᠮᠣᠷᠢ᠂ ᠦᠬᠡᠷ᠂ ᠬᠤᠨᠢ ᠢᠮᠠᠭ᠎ᠠ ᠵᠡᠷᠭᠡ ᠮᠠᠯ ᠢ ᠴᠥᠮ ᠲᠠᠯᠪᠢᠵᠤ ᠭᠠᠷᠭᠠᠵᠤ ᠪᠣᠯᠬᠤ ᠦᠭᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠲᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ︽ᠲᠣᠰ ᠲᠦᠷᠢᠮ ᠤᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠥᠬᠡᠶ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠮᠠᠯ ᠨᠢᠭᠡᠪᠦᠷᠢ  ᠶᠢ 100 ᠲᠥᠭᠦᠷᠢᠭ  ᠢᠶᠠᠷ ᠲᠣᠷᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠭᠰᠡᠨ ᠪᠣᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠠᠴᠠ ᠵᠥᠷᠢᠴᠡᠨ  ᠮᠠᠯ ᠨᠢᠭᠡᠪᠦᠷᠢ ᠶᠢ 120 ᠲᠥᠭᠦᠷᠢᠭ ᠤᠨ ᠵᠣᠭᠤᠰ ᠢᠶᠠᠷ ᠲᠣᠷᠭᠠᠨ᠎ᠠ᠃      ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠭᠤᠤᠯ ᠴᠣᠭᠴᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠵᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠨᠢ ᠳᠣᠣᠷᠠᠬᠢ ᠮᠡᠲᠦ᠄    0478 - 3606256 ︵ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶    0478 - 2651040 ︵ᠮᠢᠩᠭᠠᠨ ᠪᠠᠯᠭᠠᠰᠤ︶    0478 - 2332134 ︵ᠪᠠᠭ᠎ᠠ ᠰᠢᠭᠡᠲᠡᠢ ᠪᠠᠯᠭᠠᠰᠤ︶    0478 - 3638011 ︵ᠶᠡᠭᠡ ᠰᠢᠭᠡᠲᠡᠢ ᠪᠠᠯᠭᠠᠰᠤ︶    0478 - 3693255 ︵ᠰᠤᠳᠠᠯ ᠤᠨ ᠬᠤᠳᠳᠤᠭ ᠪᠠᠯᠭᠠᠰᠤ︶    0478 - 3615188 ︵ᠡᠷᠳᠡᠨᠢᠪᠤᠯᠠᠭ ᠰᠤᠮᠤ︶             ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                  2025 ᠣᠨ ᠤ 3 ᠰᠠᠷ᠎ᠠ ᠶᠢᠨ 25 ᠤ ᠡᠳᠦᠷ   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ