| 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ | ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠢ ᠰᠠᠶᠢᠳ ᠤᠨ ᠣᠷᠳᠣᠨ ᠳᠤ ᠬᠦᠷᠬᠦ ᠳᠤ ᠠᠨᠸᠠᠷ ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ | ᠵᠠᠯᠠᠭᠤᠴᠤᠳ ᠪᠠᠭᠠᠴᠤᠳ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠭᠦᠷ ᠬᠥᠭᠵᠢᠶᠡᠨ ᠲᠠᠢ ᠬᠡᠩᠭᠡᠷᠭᠡᠨ ᠬᠥᠭᠵᠢᠮ ᠢ ᠬᠠᠩᠭᠢᠨᠠᠭᠤᠯᠵᠤ᠂ | ᠣᠷᠭᠢᠯᠤᠮ᠎ᠠ ᠰᠡᠳᠬᠢᠯᠭᠡ ᠲᠠᠢ ᠦᠨᠳᠦᠰᠦᠲᠡᠨ ᠤ ᠪᠥᠵᠢᠭ ᠢ ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠨ ᠢᠶᠠᠨ | ᠬᠠᠯᠠᠭᠤᠨ ᠢᠶᠠᠷ ᠤᠭᠲᠤᠪᠠ᠃ | | | | | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ | ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠶᠢᠨ ᠤᠯᠠᠮᠵᠢᠯᠠᠯᠲᠤ ᠨᠥᠬᠦᠷᠯᠡᠯ ᠮᠢᠩᠭᠠᠨ ᠣᠨ ᠢ ᠲᠤᠭᠤᠯᠪᠠ᠃ ᠬᠤᠶᠠᠷ ᠤᠯᠤᠰ ᠤᠨ ᠨᠥᠬᠦᠷᠯᠡᠯ ᠥᠨᠢ | ᠤᠳᠠᠭᠠᠨ ᠲᠡᠦᠬᠡᠨ ᠶᠠᠪᠤᠴᠠ ᠳᠤ ᠪᠤᠢ ᠪᠣᠯᠵᠤ᠂ ᠰᠣᠶᠣᠯ ᠤᠨ ᠠᠭᠤᠰᠤᠯᠴᠠᠯ ᠤᠨ ᠳᠤᠮᠳᠠ ᠦᠰᠦᠨ ᠪᠣᠶᠢᠵᠢᠵᠤ᠂ ᠬᠠᠷᠢᠯᠴᠠᠨ ᠠᠰᠢᠭ ᠬᠦᠷᠲᠡᠭᠡᠵᠦ | ᠬᠠᠷᠢᠯᠴᠠᠨ ᠠᠰᠢᠭᠲᠠᠢ ᠪᠠᠶᠢᠬᠤ ᠳᠤᠮᠳᠠ ᠪᠠᠬᠢᠵᠢᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠳᠤᠮᠳᠠ ᠭᠦᠨᠵᠡᠭᠡᠶᠢᠷᠡᠵᠦ᠂ ᠰᠡᠳᠬᠢᠯ ᠰᠠᠨᠠᠭ᠎ᠠ ᠪᠠᠨ | ᠣᠯᠣᠯᠴᠠᠬᠤ᠂ ᠦᠨᠡᠨᠴᠢ ᠪᠠᠷ ᠬᠠᠨᠳᠤᠬᠤ᠂ ᠵᠢᠷᠤᠮ ᠢ ᠡᠷᠭᠢᠮᠯᠡᠭᠦ᠂ ᠡᠶ᠎ᠡ ᠨᠠᠶᠢᠷ ᠢ ᠳᠡᠭᠡᠳᠦᠯᠡᠬᠦ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ | ᠬᠤᠶᠠᠷ ᠤᠯᠤᠰ ᠤᠨ ᠠᠷᠠᠳ ᠲᠦᠮᠡᠨ ᠤ ᠲᠡᠦᠬᠡ ᠶᠢᠨ ᠤᠶᠤᠨ ᠤᠬᠠᠭᠠᠨ ᠪᠣᠯᠣᠨ ᠰᠥᠰᠥ ᠵᠣᠷᠢᠭ ᠢ ᠢᠯᠡᠷᠡᠭᠦᠯᠵᠦ᠂ ᠬᠤᠶᠠᠷ ᠤᠯᠤᠰ ᠤᠨ ᠬᠠᠮᠲᠤ ᠶᠢᠨ | ᠡᠷᠬᠢᠮ ᠨᠠᠨᠳᠢᠨ ᠥᠪ ᠬᠥᠷᠥᠩᠭᠡ ᠪᠣᠯᠤᠭᠰᠠᠨ ᠪᠠᠶᠢᠨ᠎ᠠ᠃ ᠨᠢᠳᠤᠨᠤᠨ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ | ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠥᠩᠭᠡᠷᠡᠭᠰᠡᠨ 50 ᠵᠢᠯ ᠳᠤ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠦᠯᠡᠮᠵᠢ ᠦᠷ᠎ᠡ ᠪᠦᠲᠦᠭᠡᠯ | ᠣᠯᠪᠠ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ 50 ᠵᠢᠯ ᠳᠤ ᠲᠡᠦᠬᠡ ᠶᠢᠨ ᠰᠠᠨᠠᠭᠠᠴᠢᠯᠠᠭ᠎ᠠ ᠶᠢ ᠦᠷᠭᠦᠯᠵᠢᠯᠡᠨ ᠡᠵᠡᠮᠳᠡᠵᠦ᠂ ᠴᠠᠭ ᠦᠶ᠎ᠡ ᠶᠢᠨ | ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ | ᠣᠷᠣᠨ ᠤ ᠬᠥᠭᠵᠢᠯ ᠴᠡᠴᠡᠭᠯᠡᠯ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | | | | | | | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ | ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ | ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ | ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠰᠢ ᠶᠢᠨ ᠫᠢᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠲᠤᠬᠠᠢ ᠭᠤᠷᠪᠠᠨ ᠲᠠᠯ᠎ᠠ ᠶᠢᠨ ᠰᠠᠨᠠᠯ ᠳᠤᠷᠠᠳᠪᠠ᠃ | ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠴᠥᠮ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠭᠠᠳᠠᠭᠠᠳᠤ ᠶᠢᠨ ᠭᠠᠷ ᠲᠦᠷᠦᠭᠦ ᠶᠢ ᠡᠰᠡᠷᠭᠦᠴᠡᠵᠦ᠂ ᠦᠷᠭᠦᠯᠵᠢᠯᠡᠨ ᠭᠠᠷ ᠬᠤᠯᠪᠣᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠢᠷᠡᠭᠡᠳᠦᠢ ᠬᠤᠪᠢ ᠵᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ ᠭᠠᠳᠠᠭᠠᠳᠤ ᠬᠠᠷᠢᠯᠴᠠᠭ᠎ᠠ | ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ︽2 + 2︾ ᠶᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠤᠯᠤᠰ ᠤᠨ ᠠᠮᠤᠷ ᠲᠦᠪᠰᠢᠨ᠂ | ᠰᠡᠷᠭᠡᠶᠢᠯᠡᠨ ᠬᠠᠮᠠᠭᠠᠯᠠᠬᠤ ᠠᠵᠢᠯ᠂ ᠬᠠᠤᠯᠢ ᠬᠡᠷᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃ | ᠬᠤᠶᠠᠷ ᠲᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠬᠡᠪ | ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ | ᠲᠠᠯ᠎ᠠ ᠪᠠᠷ ᠠᠬᠢᠭᠤᠯᠬᠤ ᠪᠠᠷ ᠴᠢᠷᠮᠠᠶᠢᠵᠤ᠂ ᠮᠠᠯᠠᠶᠢᠰᠢᠶ᠎ᠠ ᠶᠢᠨ ︽ᠴᠠᠩᠮᠢᠩ ᠤᠨ ᠠᠵᠤ ᠠᠬᠤᠢ︾ ᠶᠢᠨ ᠲᠥᠯᠥᠪᠯᠡᠭᠡ ᠲᠠᠢ ᠠᠷᠭ᠎ᠠ ᠨᠢ ᠣᠨᠳᠣᠣ ᠠᠮᠵᠢᠯᠲᠠ | ᠨᠢ ᠠᠳᠠᠯᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠲᠠᠯᠠᠢ | ᠲᠠᠩᠭᠢᠰ ᠤᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠪᠣᠶᠢᠵᠢᠭᠤᠯᠤᠨ | ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ᠂ ᠲᠤᠭ᠎ᠠ ᠪᠠᠷᠢᠮᠲᠠ ᠶᠢᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠶ᠎ᠠ᠃ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢᠨ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠤᠶ᠎ᠠ᠃ ᠲᠡᠮᠦᠷ ᠵᠠᠮ ᠪᠠ ᠲᠠᠯᠠᠢ ᠲᠠᠩᠭᠢᠰ ᠤᠨ | ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ | ᠳᠡᠪᠰᠢᠭᠦᠯᠬᠦ ᠶᠢ ᠪᠡᠶᠡᠯᠡᠭᠦᠯᠵᠦ᠂ ᠮᠠᠯᠠᠶᠢᠰᠢᠶ᠎ᠠ ᠶᠢᠨ ᠴᠢᠬᠤᠯᠠ ᠭᠠᠷᠠᠮ ᠢ ︽ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ︾ ᠤᠨ ᠴᠢᠬᠤᠯᠠ | ᠬᠦᠢᠰᠦ ᠪᠣᠯᠭᠠᠨ ᠪᠠᠶᠢᠭᠤᠯᠤᠶ᠎ᠠ᠃ | ᠭᠤᠷᠪᠠ ᠳᠤ᠂ ᠦᠶ᠎ᠡ ᠦᠶ᠎ᠡ ᠶᠢᠨ ᠨᠥᠬᠦᠷᠯᠡᠯ ᠢ ᠤᠯᠠᠮᠵᠢᠯᠠᠵᠤ᠂ ᠪᠣᠯᠪᠠᠰᠤᠨ ᠤ ᠰᠣᠯᠢᠯᠴᠠᠭ᠎ᠠ ᠪᠠ ᠬᠠᠷᠢᠯᠴᠠᠨ ᠲᠣᠯᠢ ᠪᠤᠯᠭᠠᠬᠤ ᠶᠢ | ᠭᠦᠨᠵᠡᠭᠡᠶᠢᠷᠡᠭᠦᠯᠦᠶ᠎ᠡ᠃ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ | ᠬᠤᠶᠠᠷ ᠤᠯᠤᠰ ᠴᠢᠨᠠᠭᠰᠢᠯᠠᠪᠠᠯ ᠭᠠᠵᠠᠷ ᠣᠷᠣᠨ ᠤ ᠳᠠᠪᠬᠤᠷᠭ᠎ᠠ ᠶᠢᠨ ᠪᠣᠯᠪᠠᠰᠤᠨ ᠤ ᠰᠣᠯᠢᠯᠴᠠᠭᠠᠨ ᠤ ᠲᠠᠪᠴᠠᠩ ᠢ ᠭᠠᠷ ᠬᠤᠯᠪᠣᠨ ᠴᠣᠭᠴᠠᠯᠠᠶ᠎ᠠ᠃ | ᠬᠠᠷᠢᠯᠴᠠᠨ ᠸᠢᠰᠠ ᠶᠢ ᠬᠡᠯᠲᠦᠷᠢᠭᠦᠯᠬᠦ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠯ᠂ ᠵᠠᠯᠠᠭᠤᠴᠤᠳ᠂ | ᠣᠷᠣᠨ ᠨᠤᠲᠤᠭ ᠤᠨ ᠰᠣᠯᠢᠯᠴᠠᠭ᠎ᠠ ᠶᠢ ᠶᠡᠭᠡ ᠪᠠᠷ ᠥᠷᠨᠢᠭᠦᠯᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠺᠢᠨᠣ᠋᠂ ᠵᠠᠭᠤᠴᠢᠯᠠᠭᠤᠷ ᠵᠡᠷᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠲᠠᠢ ᠮᠠᠯᠤᠷ ᠥᠲᠡᠭᠡ ᠶᠢ ᠬᠠᠮᠠᠭᠠᠯᠠᠬᠤ ᠬᠠᠮᠲᠤᠷᠠᠯᠴᠠᠭᠠᠨ ᠤ | ᠰᠤᠳᠤᠯᠭᠠᠨ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ | ᠰᠢ ᠶᠢᠨ ᠫᠢᠩ᠂ ᠮᠠᠯᠠᠶᠢᠰᠢᠶ᠎ᠠ ᠶᠢᠨ ᠬᠢᠨ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠰᠡᠳᠦᠪ ᠢ ︽ | ᠪᠠᠭᠲᠠᠭᠠᠮᠵᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ︾ ᠭᠡᠵᠦ ᠲᠣᠭᠲᠠᠭᠠᠭᠰᠠᠨ ᠨᠢ ᠴᠠᠭ ᠤᠨ ᠪᠠᠶᠢᠳᠠᠯ ᠤᠨ ᠲᠤᠬᠠᠢ ᠭᠦᠨᠵᠡᠭᠡᠢ ᠠᠵᠢᠭᠯᠠᠯᠲᠠ ᠶᠢ | ᠢᠯᠡᠷᠡᠭᠦᠯᠪᠡ᠃ ᠳᠤᠮᠳᠠᠳᠤ ᠤᠯᠤᠰ ᠮᠠᠯᠠᠶᠢᠰᠢᠶ᠎ᠠ ᠶᠢᠨ ᠬᠢᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ | ᠤᠯᠤᠰ ᠤᠨ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ - ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ᠵᠥᠪᠯᠡᠯᠴᠡᠭᠡᠷ ᠤᠨ ᠪᠢᠴᠢᠭ ᠲᠤ | ᠡᠷᠲᠡᠬᠡᠨ ᠭᠠᠷ ᠤᠨ ᠦᠰᠦᠭ ᠵᠢᠷᠤᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠪᠦᠯᠬᠦᠮᠳᠡᠨ ᠬᠠᠮᠲᠤᠷᠠᠯᠴᠠᠬᠤ ᠪᠠᠷ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ︾᠂ | ︽ᠪᠠᠭ᠎ᠠ ᠬᠦᠷᠢᠶ᠎ᠡ ᠥᠨᠳᠥᠷ ᠬᠡᠷᠡᠮ︾ ᠪᠣᠯᠣᠨ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠶᠢ ᠬᠤᠷᠢᠭᠯᠠᠵᠤ᠂ ᠡᠩᠬᠡ ᠲᠠᠶᠢᠪᠤᠩ᠂ | ᠬᠠᠮᠲᠤᠷᠠᠯᠴᠠᠬᠤ᠂ ᠨᠡᠭᠡᠭᠡᠯᠲᠡᠲᠡᠢ᠂ ᠪᠠᠭᠲᠠᠭᠠᠮᠵᠢᠲᠠᠢ ᠠᠽᠢᠶ᠎ᠠ ᠲᠢᠪ ᠤᠨ ᠦᠷᠳᠡᠭ ᠤᠨ ᠦᠵᠡᠯᠲᠡ ᠪᠠᠷ ᠪᠠᠭᠤᠷᠠᠢ ᠨᠢ ᠬᠦᠴᠦᠷᠬᠡᠭ ᠲᠡᠭᠡᠨ | ᠳᠣᠷᠣᠮᠵᠢᠯᠠᠭᠳᠠᠵᠤ ᠵᠠᠯᠭᠢᠭᠳᠠᠬᠤ ᠤᠢ ᠰᠢᠭᠤᠢ ᠶᠢᠨ ᠵᠢᠮ᠎ᠡ ᠬᠠᠤᠯᠢ ᠳᠤ ᠬᠠᠷᠢᠭᠤᠯᠲᠠ ᠥᠭᠴᠦ᠂ ᠠᠽᠢᠶ᠎ᠠ ᠲᠢᠪ ᠤᠨ ᠲᠣᠭᠲᠠᠪᠤᠷᠢᠲᠤ ᠴᠢᠨᠠᠷ ᠪᠣᠯᠣᠨ | ᠲᠣᠬᠲᠠᠭᠠᠯᠲᠤ ᠴᠢᠨᠠᠷ ᠢᠶᠠᠷ ᠳᠡᠯᠡᠬᠡᠢ ᠶᠢᠨ ᠲᠣᠭᠲᠠᠪᠤᠷᠢᠲᠤ ᠪᠤᠰᠤ ᠪᠠ ᠲᠣᠬᠲᠠᠭᠠᠯᠲᠤ ᠪᠤᠰᠤ ᠪᠠᠶᠢᠳᠠᠯ ᠢ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ | ᠠᠨᠸᠠᠷ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ᠂ ᠤᠷᠳᠤ ᠬᠤᠭᠤᠴᠠᠭᠠᠨ ᠤ | ᠲᠤᠷᠰᠢ ᠳᠤᠮᠳᠠᠳᠤ ᠤᠯᠤᠰ ᠦᠨᠡᠨ ᠰᠡᠳᠬᠢᠯ ᠠᠴᠠ ᠪᠠᠨ ᠮᠠᠯᠠᠶᠢᠰᠢᠶ᠎ᠠ ᠶᠢ ᠬᠠᠪᠰᠤᠷᠴᠤ᠂ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠵᠤ᠂ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠮᠠᠯᠠᠶᠢᠰᠢᠶ᠎ᠠ ᠶᠢᠨ ᠨᠠᠶᠢᠳᠠᠪᠤᠷᠢᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ ᠤᠳᠤᠷᠢᠳᠤᠨ | ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠵᠤ᠂ | ᠬᠠᠮᠲᠤ ᠪᠠᠷ ᠴᠡᠴᠡᠭᠯᠡᠨ ᠬᠥᠭᠵᠢᠬᠦ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠶᠢ ᠰᠠᠨᠠᠭᠠᠴᠢᠯᠠᠭᠰᠠᠨ ᠤᠳᠤ ᠶᠢᠨ ᠳᠡᠯᠡᠬᠡᠢ ᠶᠢᠨ ᠭᠠᠷᠮᠠᠭᠠᠢ | ᠤᠳᠤᠷᠢᠳᠬᠤ ᠬᠥᠮᠥᠨ ᠮᠥᠨ᠃ ᠮᠠᠯᠠᠶᠢᠰᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠪᠣᠯᠣᠨ ᠲᠡᠷᠢᠭᠦᠯᠡᠭᠴᠢ ᠰᠢ ᠶᠢᠨ ᠫᠢᠩ ᠢ ᠪᠢᠰᠢᠷᠡᠵᠦ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠣᠯᠣᠭᠰᠠᠨ ᠰᠢᠨ᠎ᠡ ᠲᠡᠮᠳᠡᠭᠯᠡᠯ ᠢ ᠡᠭᠦᠳᠦᠭᠰᠡᠨ ᠬᠠᠮᠲᠤᠷᠠᠯᠴᠠᠭᠠᠨ ᠤ ᠦᠷ᠎ᠡ | ᠪᠦᠲᠦᠭᠡᠯ ᠨᠢ ᠮᠠᠯᠠᠶᠢᠰᠢᠶ᠎ᠠ ᠶᠢᠨ ᠲᠠᠯ᠎ᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠮᠠᠯᠠᠶᠢᠰᠢᠶ᠎ᠠ ᠶᠢᠨ ᠬᠢᠨ ᠶᠡᠬᠡᠳᠡ ᠵᠣᠷᠢᠭᠵᠢᠪᠠ᠃ | ᠮᠠᠯᠠᠶᠢᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠠᠮᠠᠷᠪᠠ ᠠᠵᠢᠯᠯᠠᠭ᠎ᠠ ᠶᠢ ᠳᠡᠮᠵᠢᠬᠦ ᠦᠭᠡᠢ᠃ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠭᠢᠵᠢᠭᠦᠯᠦᠨ᠎ᠡ︔ ᠬᠤᠶᠠᠷ ᠤᠯᠤᠰ ᠤᠨ ᠠᠷᠠᠯᠵᠢᠶ᠎ᠠ ᠶᠢ | ᠥᠷᠭᠡᠳᠬᠡᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠮᠠᠯᠠᠶᠢᠰᠢᠶ᠎ᠠ ᠳᠤ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠵᠦ᠂ ᠮᠠᠯᠠᠶᠢᠰᠢᠶ᠎ᠠ ᠶᠢᠨ | ᠲᠠᠯ᠎ᠠ ᠶᠢᠨ ᠬᠢᠨ ᠲᠠᠢ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠥᠭᠵᠢᠭᠦᠯᠵᠦ᠂ ᠬᠤᠶᠠᠷ ᠤᠯᠤᠰ ᠤᠨ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ︔ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ | ᠰᠣᠯᠢᠯᠴᠠᠭ᠎ᠠ ᠶᠢ ᠨᠡᠮᠡᠭᠳᠡᠭᠦᠯᠵᠦ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠭᠢᠭᠤᠯᠤᠨ᠎ᠠ︔ ᠢᠰᠯᠠᠮ ᠤᠨ | ᠪᠣᠯᠪᠠᠰᠤᠨ ᠪᠠ ᠺᠦᠩᠽᠢ ᠶᠢᠨ ᠰᠤᠷᠭᠠᠯ ᠤᠨ ᠪᠣᠯᠪᠠᠰᠤᠨ ᠤ ᠶᠠᠷᠢᠯᠴᠠᠭ᠎ᠠ ᠶᠢ ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ | ᠠᠬᠢᠭᠤᠯᠤᠨ᠎ᠠ᠃ ᠭᠠᠭᠴᠠ ᠲᠠᠯᠠᠲᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠤᠨ ᠡᠮᠦᠨ᠎ᠡ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ᠃ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠠᠮᠠᠷᠪᠠ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠬᠦ ᠠᠷᠭ᠎ᠠ ᠬᠢᠳᠡᠯ ᠢ ᠵᠥᠪᠰᠢᠶᠡᠷᠡᠬᠦ ᠦᠭᠡᠢ᠂ | ᠬᠠᠮᠲᠤᠷᠠᠯᠴᠠᠵᠤ ᠬᠤᠯᠪᠣᠭᠠᠯᠠᠬᠤ ᠪᠠᠷ ᠳᠠᠮᠵᠢᠨ ᠥᠪᠡᠷ ᠢ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠢᠶᠠᠨ ᠪᠠᠲᠤᠯᠠᠨ᠎ᠠ᠃ ᠮᠠᠯᠠᠶᠢᠰᠢᠶ᠎ᠠ ᠶᠢᠨ | ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠦᠵᠡᠭᠦᠯᠦᠭᠰᠡᠨ ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ | ᠮᠠᠭᠲᠠᠨ ᠰᠠᠶᠢᠰᠢᠶᠠᠵᠤ ᠪᠠᠶᠢᠨ᠎ᠠ᠃ ᠮᠠᠯᠠᠶᠢᠰᠢᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠠ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ - ᠳᠤᠮᠳᠠᠳᠤ ᠤᠯᠤᠰ ᠤᠨ ᠬᠠᠷᠢᠯᠴᠠᠭᠠᠨ ᠤ ᠵᠣᠬᠢᠴᠠᠭᠤᠯᠤᠭᠴᠢ ᠤᠯᠤᠰ ᠪᠣᠯᠤᠭᠰᠠᠨ ᠤ | ᠬᠤᠪᠢ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ - ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠵᠤ᠂ | ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ 30 ᠭᠠᠷᠤᠢ ᠬᠤᠪᠢ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠭᠤᠷᠪᠠᠨ ᠶᠡᠭᠡ ᠪᠦᠭᠦ ᠪᠥᠮᠪᠥᠷᠴᠡᠭ ᠤᠨ | ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ᠂ ︽ᠺᠦᠩᠽᠢ ᠶᠢᠨ ᠰᠤᠷᠭᠠᠯ ᠪᠣᠯᠣᠨ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾᠂ ᠲᠣᠭᠠᠴᠢᠯᠠᠭᠰᠠᠨ | ᠠᠵᠤ ᠠᠬᠤᠢ᠂ ᠦᠢᠯᠡᠴᠢᠯᠡᠭᠡᠨ ᠤ ᠠᠷᠠᠯᠵᠢᠶ᠎ᠠ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠢ ᠲᠡᠰ ᠳᠡᠪᠰᠢᠭᠦᠯᠦᠨ ᠬᠥᠭᠵᠢᠭᠦᠯᠬᠦ᠂ ᠬᠠᠮᠲᠤᠷᠠᠭᠰᠠᠨ | ᠲᠤᠷᠰᠢᠯᠲᠠ ᠶᠢᠨ ᠲᠠᠰᠤᠭ᠂ ᠵᠣᠬᠢᠶᠠᠮᠠᠯ ᠤᠶᠤᠨ ᠴᠢᠳᠠᠪᠤᠷᠢ᠂ ᠲᠡᠮᠦᠷ ᠵᠠᠮ᠂ ᠮᠡᠳᠡᠯᠭᠡ ᠶᠢᠨ ᠥᠮᠴᠢᠯᠡᠯ ᠤᠨ ᠡᠷᠬᠡ᠂ ᠲᠠᠷᠢᠶᠠᠯᠠᠩ ᠤᠨ ᠪᠦᠲᠦᠭᠡᠭᠳᠡᠬᠦᠨ ᠢ | ᠳᠤᠮᠳᠠᠳᠤ ᠤᠯᠤᠰ ᠲᠤ ᠭᠠᠷᠭᠠᠬᠤ᠂ ᠬᠠᠷᠢᠯᠴᠠᠨ ᠸᠢᠰᠠ ᠶᠢ ᠬᠡᠯᠲᠦᠷᠢᠭᠦᠯᠬᠦ᠂ ᠮᠠᠯᠤᠷ ᠦᠳᠡᠭᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠮᠠᠯᠠᠶᠢᠰᠢᠶ᠎ᠠ ᠶᠢᠨ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ ᠠᠨᠸᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |