ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/17
      ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠥᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃      ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠥᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠥᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠥᠬᠦᠪᠦᠷᠢᠯᠡᠨ᠎ᠡ︕      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕      ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕      ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ

6387972851947301045465615.png

 ᠵᠢᠵᠢᠭ ᠫᠷᠣᠭ᠍ᠷᠠᠮ ᠢᠶᠠᠷ ᠯᠠᠪᠯᠠᠭᠠᠷᠠᠢ

      ᠭᠤᠶᠤᠴᠢᠯᠠᠨ ᠠᠪᠬᠤ ᠠᠷᠭ᠎ᠠ᠄

      1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ

ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ ᠰᠣᠩᠭᠤᠨ᠎ᠠ᠃

1.jpg

2.jpg

  2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠯᠠᠪᠯᠠᠵᠤ᠂

ᠬᠠᠮᠢᠶ᠎ᠠ ᠪᠦᠬᠦᠢ ᠬᠠᠷᠠᠭᠠᠯᠵᠠᠯ  ᠢ ᠰᠣᠩᠭᠤᠵᠤ ᠠᠪᠤᠨ᠎ᠠ᠃

3.jpg

      ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ

      ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ

4.png

   ᠵᠢᠵᠢᠭ ᠫᠷᠣᠭ᠍ᠷᠠᠮ ᠢᠶᠠᠷ ᠯᠠᠪᠯᠠᠭᠠᠷᠠᠢ

      ᠭᠤᠶᠤᠴᠢᠯᠠᠨ ᠠᠪᠬᠤ ᠠᠷᠭ᠎ᠠ᠄

      1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ ᠣᠷᠣᠨ᠎ᠠ᠃

5.jpg

6.jpg

  2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠬᠤᠪᠢ ᠬᠥᠮᠥᠨ ᠤ ᠮᠡᠳᠡᠭᠡ

ᠵᠠᠩᠭᠢ ᠪᠠᠨ ᠪᠢᠴᠢᠵᠦ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃

7.jpg

 

 3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂

ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ

ᠭᠤᠶᠤᠴᠢᠯᠠᠵᠤ ᠪᠣᠯᠣᠨ᠎ᠠ᠃

8.jpg

ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃

9.png

 

ᠢᠷᠡᠯᠲᠡ᠄ ᠦᠪᠦᠷ ᠮᠣᠩᠭᠤᠯ ᠤᠨ ᠵᠠᠰᠠᠭ  ᠤᠨ ᠣᠷᠳᠤᠨ ᠤ ᠮᠣᠩᠭᠤᠯ ᠰᠦᠯᠵᠢᠶ᠎ᠡ